ᠦᠴᠤᠸᠠᠨ ᠰᠢᠶᠠᠨ 2023 ᠣᠨ ᠤ ᠴᠠᠭᠠᠨ ᠰᠠᠷ᠎ᠠ ᠶᠢᠨ ᠲᠣᠬᠤᠨᠢᠭᠤᠯᠬᠤ ᠠᠵᠢᠯᠯᠠᠭ᠎ᠠ ᠶᠢ ᠪᠥᠬᠦ ᠲᠠᠯ᠎ᠠ ᠪᠠᠷ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/1/12
     1 ᠰᠠᠷ᠎ᠠ ᠶᠢᠨ 10 ᠤ ᠡᠳᠦᠷ᠂ ᠦᠴᠤᠸᠠᠨ ᠰᠢᠶᠠᠨ 2023 ᠣᠨ ᠤ ᠴᠠᠭᠠᠨ ᠰᠠᠷ᠎ᠠ ᠶᠢᠨ ᠲᠣᠬᠤᠨᠢᠭᠤᠯᠬᠤ ᠠᠵᠢᠯᠯᠠᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃       ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠧᠤ ᠵᠧᠨ ᠭᠤᠸᠠᠩ ᠬᠤᠷᠠᠯ ᠡᠷᠭᠢᠯᠡᠵᠦ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᡁᠢ ᠵᠢᠶᠠᠨ ᠭᠠᠩ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠶᠦᠨ ᠰᠢᠶᠤᠤ ᠮᠢᠨ ᠪᠣᠯᠤᠨ ᠡᠯ᠎ᠡ ᠰᠢᠶᠠᠩ ᠪᠠᠯᠭᠠᠰᠤ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠴᠠᠭᠠᠨ ᠰᠠᠷ᠎ᠠ ᠶᠢᠨ ᠬᠤᠭᠤᠴᠠᠭᠠᠨ ᠳᠤ ᠠᠮᠢᠳᠤᠷᠠᠯ ᠨᠢ ᠬᠦᠴᠢᠷᠳᠡᠯᠲᠡᠢ ᠤᠯᠠᠨ ᠲᠦᠮᠡᠨ᠂ ᠠᠬᠠᠮᠠᠳ ᠺᠠᠳ᠋ᠷ᠂ ᠭᠤᠣᠯᠳᠠᠯᠭ᠎ᠠ ᠲᠠᠢ ᠨᠢᠭᠡᠴᠡ᠂ ᠭᠤᠣᠯᠳᠠᠯᠭ᠎ᠠ ᠲᠠᠢ ᠠᠵᠤ ᠠᠬᠤᠶᠢᠯᠠᠯ ᠢ ᠡᠷᠬᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠪᠣᠯᠤᠨ ᠠᠷᠠᠳ ᠤᠯᠠᠨ ᠳᠤ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠬᠠᠶᠢᠷ᠎ᠠ ᠬᠠᠯᠠᠮᠵᠢ ᠶᠢ ᠭᠦᠨᠵᠡᠭᠡᠢ ᠮᠡᠳᠡᠷᠡᠭᠦᠯᠬᠦ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ︽ᠨᠡᠶᠢᠳᠡᠮ ᠢᠶᠠᠷ ᠰᠤᠷᠪᠤᠯᠵᠢᠯᠠᠬᠤ᠂ ᠭᠤᠣᠯᠳᠠᠯᠭ᠎ᠠ ᠲᠠᠢ ᠪᠠᠷ ᠲᠣᠬᠤᠨᠢᠭᠤᠯᠬᠤ᠂ ᠡᠳ᠋ ᠪᠣᠳᠠᠰ ᠢᠶᠠᠷ ᠵᠣᠷᠢᠭᠵᠢᠭᠤᠯᠬᠤ᠂ ᠤᠶᠤᠨ ᠰᠠᠨᠠᠭᠠᠨ ᠤ ᠲᠠᠯ᠎ᠠ ᠪᠠᠷ ᠤᠷᠮᠠᠰᠢᠭᠤᠯᠤᠨ ᠵᠣᠷᠢᠭᠵᠢᠭᠤᠯᠬᠤ︾ ᠵᠠᠷᠴᠢᠮ ᠶᠣᠰᠣᠭᠠᠷ᠂ ᠰᠤᠷᠪᠤᠯᠵᠢᠯᠠᠵᠤ ᠲᠣᠬᠤᠨᠢᠭᠤᠯᠬᠤ ᠠᠵᠢᠯᠯᠠᠭ᠎ᠠ ᠶᠢ ᠤᠯᠠᠨ ᠬᠡᠯᠪᠡᠷᠢ ᠪᠠᠷ᠂ ᠤᠯᠠᠨ ᠳᠡᠰ ᠳᠠᠪᠬᠤᠷᠭ᠎ᠠ ᠪᠠᠷ ᠥᠷᠨᠢᠭᠦᠯᠵᠦ᠂ ︽ᠨᠢᠭᠡ ᠬᠥᠮᠦᠨ ᠢ ᠲᠣᠬᠤᠨᠢᠭᠤᠯᠪᠠᠯ᠂ ᠨᠢᠭᠡ ᠡᠷᠦᠬᠡ ᠶᠢ ᠳᠤᠯᠠᠭᠠᠴᠠᠭᠤᠯᠵᠤ᠂ ᠨᠢᠭᠡ ᠬᠡᠰᠡᠭ ᠢ ᠳᠠᠶᠢᠴᠢᠯᠠᠬᠤ︾ ᠨᠡᠶᠢᠭᠡᠮ ᠤᠨ ᠦᠷ᠎ᠡ ᠪᠦᠲᠦᠮᠵᠢ ᠳᠤ ᠬᠦᠷᠬᠦ ᠪᠠᠷ ᠴᠢᠷᠮᠠᠶᠢᠬᠤ ᠬᠡᠷᠡᠭᠲᠡᠶ᠃ ᠡᠷᠬᠢᠨ ᠦᠵᠡᠵᠦ ᠲᠣᠬᠤᠨᠢᠭᠤᠯᠬᠤ ᠠᠵᠢᠯᠯᠠᠭ᠎ᠠ ᠪᠠᠷ ᠳᠠᠮᠵᠢᠭᠤᠯᠤᠨ᠂ ᠡᠷᠬᠢᠨ ᠦᠵᠡᠵᠦ ᠲᠣᠬᠤᠨᠢᠭᠤᠯᠬᠤ ᠡᠲᠡᠭᠡᠳ ᠲᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠬᠦ ᠬᠡᠷᠡᠭᠲᠡᠢ᠃ ᠡᠷᠬᠢᠨ ᠦᠵᠡᠵᠦ ᠲᠣᠬᠤᠨᠢᠭᠤᠯᠬᠤ ᠶᠠᠪᠤᠴᠠ ᠳᠤ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠡᠵᠡᠮᠰᠢᠬᠦ ᠶᠢᠨ ᠬᠠᠮᠲᠤ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠣᠷᠣᠨ ᠨᠤᠲᠤᠭ ᠤᠨ ᠬᠥᠭᠵᠢᠯᠲᠡ ᠶᠢᠨ ᠪᠣᠭᠤᠮᠢ ᠶᠢ ᠪᠠᠶᠢᠴᠠᠭᠠᠨ ᠰᠤᠳᠤᠯᠬᠤ ᠬᠡᠷᠡᠭᠲᠡᠢ᠃ ᠲᠣᠬᠤᠨᠢᠭᠤᠯᠬᠤ ᠬᠡᠯᠪᠡᠷᠢ᠂ ᠠᠵᠢᠯᠯᠠᠭ᠎ᠠ ᠶᠢᠨ ᠲᠣᠬᠢᠷᠠᠭᠤᠯᠤᠯᠲᠠ ᠶᠢᠨ ᠲᠠᠯ᠎ᠠ ᠪᠠᠷ ᠦᠨᠡᠨ ᠰᠡᠳᠬᠢᠯ ᠠᠴᠠ ᠪᠠᠨ ᠰᠡᠳᠬᠢᠯ ᠲᠠᠯᠪᠢᠵᠤ᠂ ᠲᠣᠬᠤᠨᠢᠭᠤᠯᠬᠤ ᠬᠠᠮᠲᠤᠯᠢᠭ᠂ ᠲᠣᠬᠤᠨᠢᠭᠤᠯᠬᠤ ᠡᠲᠡᠭᠡᠳ᠂ ᠲᠣᠬᠤᠨᠢᠭᠤᠯᠬᠤ ᠠᠷᠭ᠎ᠠ ᠮᠠᠶ᠋ᠢᠭ ᠵᠡᠷᠭᠡ ᠶᠢ ᠳᠠᠬᠢᠨ ᠨᠠᠷᠢᠨ ᠬᠤᠪᠢᠶᠠᠵᠤ᠂ ᠳᠠᠬᠢᠨ ᠲᠣᠳᠣᠷᠬᠠᠶᠢᠯᠠᠵᠤ᠂ ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠬᠦᠴᠢᠷᠳᠡᠯᠲᠡᠢ ᠤᠯᠠᠨ ᠲᠦᠮᠡᠨ ᠳᠤ ᠬᠠᠨᠳᠤᠭᠤᠯᠤᠭᠰᠠᠨ ᠭᠦᠨ ᠵᠤᠵᠠᠭᠠᠨ ᠬᠠᠶᠢᠷ᠎ᠠ ᠰᠡᠳᠬᠢᠯᠭᠡ ᠪᠠᠷ ᠡᠷᠬᠢᠨ ᠦᠵᠡᠵᠦ ᠲᠣᠬᠤᠨᠢᠭᠤᠯᠬᠤ ᠠᠵᠢᠯᠯᠠᠭ᠎ᠠ ᠳᠤ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠬᠠᠶᠢᠷᠠᠯᠠᠬᠤ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠶᠡᠬᠡᠪᠡᠷ ᠪᠤᠢ ᠪᠣᠯᠭᠠᠵᠤ᠂ ᠦᠴᠤᠸᠠᠨ ᠰᠢᠶᠠᠨ ᠤ ᠴᠠᠭᠠᠨ ᠰᠠᠷ᠎ᠠ ᠶᠢᠨ ᠬᠠᠶᠢᠷ᠎ᠠ ᠬᠠᠯᠠᠮᠵᠢ ᠶᠢ ᠬᠦᠷᠭᠡᠬᠦ᠂ ᠡᠷᠬᠢᠨ ᠦᠵᠡᠵᠦ ᠲᠣᠬᠤᠨᠢᠭᠤᠯᠬᠤ ᠠᠵᠢᠯᠯᠠᠭ᠎ᠠ ᠶᠢᠨ ᠡᠯ᠎ᠡ ᠵᠦᠢᠯ ᠤᠨ ᠠᠵᠢᠯ ᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃    
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号