ᠦᠴᠤᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 110 ᠤᠬᠠᠭᠤᠯᠭ᠎ᠠ ᠶᠢᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2023/1/13
     2023 ᠣᠨ ᠤ 1 ᠰᠠᠷ᠎ᠠ ᠶᠢᠨ 10 ᠤ ᠡᠳᠦᠷ ᠪᠣᠯ ᠭᠤᠷᠪᠠᠳᠠᠬᠢ ︽ᠠᠷᠠᠳ ᠤᠨ ᠴᠠᠭᠳᠠᠭ᠎ᠠ ᠶᠢᠨ ᠪᠠᠶᠠᠷ︾ ᠪᠣᠯᠬᠤ ᠪᠥᠭᠡᠳ ᠪᠠᠰᠠ ᠴᠤ ᠪᠥᠬᠦ ᠤᠯᠤᠰ ᠤᠨ 37 ᠳ᠋ᠤᠭᠠᠷ 110 ᠤᠬᠠᠭᠤᠯᠭ᠎ᠠ ᠶᠢᠨ ᠡᠳᠦᠷ ᠪᠣᠯᠤᠨ᠎ᠠ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ 110 ᠴᠠᠭᠳᠠᠭ᠎ᠠ ᠶᠢᠨ ᠬᠦᠯᠢᠶᠡᠨ ᠠᠪᠴᠤ ᠰᠢᠢᠳᠪᠦᠷᠢᠯᠡᠬᠦ ᠠᠵᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ᠂ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠶᠢ ᠪᠠᠲᠤᠯᠠᠬᠤ᠂ ᠠᠮᠤᠷ ᠲᠠᠶᠢᠪᠤᠩ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠬᠤ ᠵᠡᠷᠭᠡ ᠲᠠᠯ᠎ᠠ ᠪᠠᠷ ᠦᠵᠡᠭᠦᠯᠦᠭᠰᠡᠨ ᠴᠢᠬᠤᠯᠠ ᠦᠢᠯᠡᠳᠦᠯ ᠢ ᠭᠦᠢᠴᠡᠳ ᠬᠠᠷᠠᠭᠤᠯᠵᠤ᠂ ᠠᠷᠠᠳ ᠣᠯᠠᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠶ ᠣᠶᠢᠯᠠᠭᠠᠯᠲᠠ ᠪᠠ ᠳᠡᠮᠵᠢᠯᠭᠡ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠯᠠᠳᠠ᠂ 1 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠦᠴᠤᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢᠭᠤᠴᠠ ᠮᠡᠳᠡᠭᠡᠨ ᠤ ᠵᠢᠯᠣᠭᠤᠳᠬᠤ ᠲᠥᠪ᠂ ᠡᠷᠡᠭᠦᠤ ᠶᠢᠨ ᠬᠡᠷᠡᠭ ᠤᠨ ᠲᠤᠷᠰᠢᠨ ᠪᠠᠶᠢᠴᠠᠭᠠᠬᠤ ᠶᠡᠭᠡ ᠠᠩᠭᠢ᠂ ᠰᠦᠷᠳᠡᠭᠦᠯᠦᠯ ᠢ ᠡᠰᠡᠷᠭᠦᠴᠡᠬᠦ ᠪᠠ ᠣᠨᠴᠠ ᠴᠠᠭᠳᠠᠭ᠎ᠠ ᠶᠢᠨ ᠶᠡᠭᠡ ᠠᠩᠭᠢ᠂ ᠬᠤᠤᠷ ᠴᠠᠭᠠᠵᠠᠯᠠᠬᠤ ᠶᠡᠭᠡ ᠠᠩᠭᠢ ᠵᠡᠷᠭᠡ ᠣᠯᠠᠨ ᠰᠠᠯᠠᠭ᠎ᠠ ᠮᠥᠴᠢᠷ ᠣᠯᠠᠨ ᠲᠥᠷᠥᠯ ᠤᠨ ᠴᠠᠭᠳᠠᠭᠠᠨ ᠤ ᠲᠥᠷᠥᠯ ᠢ ᠵᠣᠬᠢᠶᠠᠨ ᠪᠠᠶᠢᠭᠤᠯᠵᠤ᠂ ᠦᠴᠤᠸᠠᠨ ᠰᠢᠶᠠᠨ ᠤ ᠰᠢᠨ᠎ᠡ ᠶᠢᠷᠲᠢᠨᠴᠦ ᠠᠭᠤᠳᠠᠮ ᠲᠠᠯᠠᠪᠠᠶ ᠳᠤ 110 ᠤᠬᠠᠭᠤᠯᠬᠤ ᠡᠳᠦᠷ ᠤᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠠᠬᠤᠶ ᠲᠠᠯᠠᠪᠠᠶ ᠳᠤ᠂ ᠦᠴᠤᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠤᠷᠢᠶ᠎ᠠ ᠯᠣᠽᠦ᠋ᠩ ᠡᠯᠭᠦᠬᠦ᠂ ᠠᠰᠠᠭᠤᠨ ᠯᠠᠪᠯᠠᠬᠤ ᠲᠠᠪᠴᠠᠩ ᠭᠠᠷᠭᠠᠬᠤ᠂ ᠦᠵᠡᠭᠦᠯᠦᠯᠭᠡ ᠶᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠬᠡᠷᠡᠭ ᠪᠠᠷ ᠵᠢᠱᠢᠶᠡᠯᠵᠤ ᠣᠯᠠᠨ ᠲᠦᠮᠡᠨ ᠳᠤ ︽110︾ ᠶᠢᠨ ᠡᠭᠦᠷᠭᠡ ᠬᠠᠷᠢᠭᠤᠴᠠᠯᠭ᠎ᠠ ᠶᠢᠨ ᠬᠡᠪᠴᠢᠶ᠎ᠡ ᠵᠢᠴᠢ ᠮᠡᠬᠡᠯᠡᠨ ᠬᠢᠬᠠᠬᠤ ᠶᠢ ᠡᠰᠡᠷᠭᠦᠴᠡᠬᠦ᠂ ᠬᠤᠣᠷ᠎ᠠ ᠴᠠᠭᠠᠵᠠᠯᠠᠬᠤ᠂ ᠰᠦᠷᠳᠡᠭᠦᠯᠦᠯ ᠢ ᠡᠰᠡᠷᠭᠦᠴᠡᠬᠦ ᠵᠡᠷᠭᠡ ᠮᠡᠳᠡᠯᠭᠡ ᠶᠢ ᠲᠦᠭᠡᠮᠡᠯᠵᠢᠭᠦᠯᠵᠦ᠂ 110 ᠶᠢᠨ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ᠂ ᠬᠡᠷᠡᠭ ᠢ ᠢᠯᠡᠷᠡᠭᠦᠯᠦᠨ ᠴᠣᠬᠢᠯᠲᠠ ᠥᠭᠬᠦ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠣᠯᠠᠨ ᠲᠦᠮᠡᠨ ᠳᠤ ᠦᠢᠯᠡᠴᠢᠯᠡᠬᠦ ᠵᠡᠷᠭᠡ ᠲᠠᠯ᠎ᠠ ᠪᠠᠷ ᠦᠵᠡᠭᠦᠯᠦᠭᠰᠡᠨ ᠢᠳᠡᠪᠬᠢᠲᠡᠶ ᠦᠢᠯᠡᠳᠦᠯ ᠢ ᠭᠦᠢᠴᠡᠳ ᠢᠯᠡᠷᠡᠭᠦᠯᠵᠦ᠂ ᠥᠷᠭᠡᠨ ᠤᠯᠠᠨ ᠠᠷᠠᠳ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ 110 ᠶᠢ ᠮᠡᠳᠡᠷᠡᠵᠤ᠂ 110 ᠶᠢ ᠣᠶᠢᠯᠠᠭᠠᠭᠤᠯᠵᠤ ᠂ 110 ᠶᠢ ᠳᠡᠮᠵᠢᠭᠦᠯᠬᠦ ᠶᠢᠨ ᠬᠠᠮᠲᠤ᠂ ᠠᠷᠠᠳ ᠤᠯᠠᠨ ᠤ ᠡᠳᠦᠷ ᠲᠤᠳᠤᠮ ᠤᠨ ᠠᠮᠢᠳᠤᠷᠠᠯ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠲᠤᠬᠠᠶ ᠶᠢᠨ ᠲᠠᠯᠠᠪᠤᠷ ᠲᠤᠨᠢ ᠬᠠᠷᠢᠭᠤᠯᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠶ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠪᠠ ᠰᠠᠨᠠᠭᠤᠯᠭ᠎ᠠ ᠶᠢ ᠥᠷᠭᠡᠨ ᠢᠶᠠᠷ ᠬᠤᠷᠢᠶᠠᠭᠰᠠᠨ ᠠᠴᠠ ᠲᠤᠬᠠᠶ ᠶᠢᠨ ᠲᠠᠯᠠᠪᠤᠷ ᠤᠨ ᠤᠯᠠᠨ ᠲᠦᠮᠡᠨ ᠤ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃      110 ᠤᠬᠠᠭᠤᠯᠭ᠎ᠠ ᠶᠢᠨ ᠡᠳᠦᠷ ᠤᠨ ᠠᠵᠢᠯᠯᠠᠭ᠎ᠠ ᠨᠢ ᠠᠷᠠᠳ ᠤᠯᠠᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠶ ᠣᠶᠢᠯᠠᠭᠠᠯᠲᠠ ᠪᠠ ᠳᠡᠮᠵᠢᠯᠭᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠷᠠᠳ ᠤᠯᠠᠨ ᠤ ᠠᠮᠤᠷ ᠲᠦᠪᠰᠢᠨ ᠤ ᠤᠬᠠᠮᠰᠠᠷ ᠪᠠ ᠰᠡᠷᠭᠡᠶᠢᠯᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠰᠠᠶᠢᠨ ᠰᠠᠶᠢᠬᠠᠨ ᠨᠡᠶᠢᠭᠡᠮ ᠤᠨ ᠰᠦᠷ ᠬᠦᠴᠦᠨ ᠪᠠ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠪᠠ᠃ ᠲᠣᠰ ᠤᠳᠠᠭᠠᠨ ᠤ ᠠᠵᠢᠯᠯᠠᠭ᠎ᠠ ᠳᠤ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ᠂ ᠤᠬᠠᠭᠤᠯᠭ᠎ᠠ ᠶᠢᠨ ᠭᠠᠷ ᠳᠡᠪᠲᠡᠷ ᠢ ᠨᠡᠶᠢᠲᠡ 1700 ᠭᠠᠷᠤᠶ ᠬᠤᠪᠢ ᠲᠠᠷᠬᠠᠭᠠᠵᠤ᠂ ᠣᠯᠠᠨ ᠲᠦᠮᠡᠨ ᠤ ᠯᠠᠪᠯᠠᠯᠲᠠ ᠳᠤ 80 ᠭᠠᠷᠤᠶ ᠬᠥᠮᠦᠨ ᠤᠳᠠᠭ᠎ᠠ ᠬᠠᠷᠢᠭᠤᠯᠲᠠ ᠥᠭᠴᠦ᠂ ᠡᠯ᠎ᠡ ᠲᠣᠮᠢᠯᠠᠭᠰᠠᠨ ᠰᠠᠯᠪᠤᠷᠢ ᠶᠢᠨ ᠬᠢᠨ ᠡᠯ᠎ᠡ ᠰᠢᠶᠠᠩ ᠪᠠᠯᠭᠠᠰᠤᠨ ᠳᠤ 20 ᠭᠠᠷᠤᠶ ᠵᠤᠷᠪᠤᠰ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠶᠢ ᠡᠯᠭᠦᠭᠰᠡᠨ ᠪᠠᠶᠢᠨ᠎ᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号