ᠬᠥᠬᠡᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2023/1/13
     ︵ᠰᠤᠷᠪᠤᠯᠵᠢᠯᠠᠭᠴᠢ ᠠᠷᠢᠭᠤᠨ᠎ᠠ︶ 1 ᠳ᠋ᠦ᠋ᠭᠡᠷ ᠰᠠᠷ᠎ᠠ ᠶᠢᠨ 11 ᠤ ᠡᠳᠦᠷ᠂ ᠬᠥᠬᠡᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ ᠵᠢᠩᠬᠢᠨᠢ ᠪᠠᠷ ᠪᠠᠶᠢᠭᠤᠯᠤᠭᠳᠠᠪᠠ᠃      ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ ᠤᠨ ᠺᠤᠮᠠᠨᠳᠠᠯᠠᠭᠴᠢ ᠰᠧ ᠰᠢᠶᠣᠣ ᠶᠠᠩ᠂ ᠬᠤᠳᠠ ᠶᠢᠨ ᠳᠡᠳ᠋ ᠳᠠᠷᠤᠭ᠎ᠠ ᠮᠠ ᠪᠢᠩ ᠴᠢᠤᠸᠠᠨ ᠫᠠᠶᠢᠰᠠ ᠡᠯᠭᠦᠬᠦ ᠶᠣᠰᠣᠯᠠᠯ ᠳᠤ ᠣᠷᠣᠯᠴᠠᠪᠠ᠃      ᠬᠥᠬᠡᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ ᠫᠠᠶᠢᠰᠠ ᠡᠯᠭᠦᠭᠰᠡᠨ ᠨᠢ ᠲᠣᠰ ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ᠢᠶᠠᠷ ᠰᠠᠭᠤᠷᠢ ᠪᠣᠯᠭᠠᠵᠤ ᠪᠠᠶᠢᠭᠤᠯᠤᠭᠰᠠᠨ ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ ᠵᠢᠩᠬᠢᠨᠢ ᠪᠠᠷ ᠪᠠᠶᠢᠭᠤᠯᠤᠭᠳᠠᠭᠰᠠᠨ ᠢ ᠬᠠᠷᠠᠭᠤᠯᠵᠤ ᠪᠠᠶᠢᠨ᠎ᠠ᠃ ᠡᠨᠡ ᠪᠣᠯ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠦᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠲᠠᠯᠳᠠ ᠬᠦᠴᠦᠨ ᠢ ᠨᠡᠮᠡᠭᠳᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ ᠲᠣᠰ ᠤᠳᠠᠭᠠᠨ ᠤ ᠥᠭᠡᠷᠡᠴᠢᠯᠡᠯᠲᠡ ᠪᠠᠷ ᠳᠠᠮᠵᠢᠭᠤᠯᠤᠨ᠂ ᠴᠡᠷᠢᠭ ᠠᠩᠭᠢ ᠪᠠ ᠣᠷᠣᠨ ᠨᠤᠲᠤᠭ ᠤᠨ ᠬᠠᠷᠢᠴᠠᠭ᠎ᠠ ᠶᠢ ᠤᠯᠠᠮ ᠨᠢᠭᠡ ᠠᠯᠬᠤᠮ ᠰᠢᠯᠤᠭᠤᠳᠬᠠᠵᠤ᠂ ᠪᠠᠶᠢᠭᠤᠯᠤᠯ ᠲᠣᠭᠲᠠᠴᠠ ᠶᠢᠨ ᠬᠡᠮ ᠰᠣᠭᠤᠭ ᠢ ᠠᠷᠢᠯᠭᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠪᠠ᠃ ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ ᠰᠢᠨ᠎ᠡ ᠭᠠᠷᠤᠭᠠᠨ ᠠᠴᠠ ᠴᠡᠷᠢᠭ ᠠᠩᠭᠢ ᠪᠠ ᠣᠷᠣᠨ ᠨᠤᠲᠤᠭ ᠤᠨ ᠡᠶ᠎ᠡ ᠵᠣᠬᠢᠴᠠᠯ ᠲᠠᠢ᠂ ᠡᠩ ᠤᠨ ᠦᠶ᠎ᠡ ᠪᠠ ᠲᠡᠶᠢᠨ ᠤ ᠦᠶ᠎ᠡ ᠶᠢ ᠨᠢᠭᠡ ᠴᠣᠭᠴᠠᠵᠢᠭᠤᠯᠤᠭᠰᠠᠨ᠂ ᠰᠠᠭᠠᠳ ᠦᠭᠡᠢ ᠥᠨᠳᠥᠷ ᠪᠦᠲᠦᠮᠵᠢᠲᠡᠶ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠰᠢᠰᠲ᠋ᠧᠮ ᠢ ᠪᠦᠷᠢᠯᠳᠦᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠵᠢᠯ ᠤᠨ ᠰᠢᠨ᠎ᠡ ᠬᠥᠭᠵᠢᠯᠲᠡ ᠶᠢ ᠪᠡᠶᠡᠯᠡᠭᠦᠯᠬᠦ ᠪᠣᠯᠣᠨ᠎ᠠ᠃      ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ ᠤᠨ ᠪᠥᠬᠦ ᠺᠠᠳ᠋ᠷ ᠠᠵᠢᠯᠲᠠᠨ ᠠᠵᠢᠯᠴᠢᠨ ᠫᠠᠶᠢᠰᠠ ᠡᠯᠭᠦᠬᠦ ᠶᠣᠰᠣᠯᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号