| | | 2023 ᠣᠨ ᠤ 1 ᠰᠠᠷ᠎ᠠ ᠶᠢᠨ 11 ᠤ ᠦᠳᠡ ᠶᠢᠨ ᠡᠮᠦᠨ᠎ᠡ᠂ ᠦᠴᠤᠸᠠᠨ ᠰᠢᠶᠠᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠨᠡᠶᠢᠭᠡᠮᠯᠢᠭ ᠰᠢᠨ ᠳ᠋ᠦᠩ ᠵᠢᠶᠧ ᠨᠡᠶᠢᠭᠡᠮ ᠲᠣᠭᠤᠷᠢᠭ ᠲᠤ ᠬᠦᠷᠴᠦ᠂ ᠦᠴᠤᠸᠠᠨ ᠰᠢᠶᠠᠨ ᠤ | ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠶᠡᠷᠦᠩᠬᠡᠢ | ᠠᠩᠬᠢ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ | ᠥᠷᠨᠢᠭᠦᠯᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠬᠤᠲᠠ᠂ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠨᠡᠶᠢᠭᠡᠮᠯᠢᠭ ᠤᠨ ᠠᠵᠢᠯᠲᠠᠨ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠤᠷ᠎ᠠ ᠶᠢᠨ | ᠦᠢᠯᠡᠴᠢᠯᠡᠭᠴᠢᠳ ᠠᠴᠠ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠬᠠᠮ ᠲᠡᠷᠭᠡ ᠶᠢ ᠭᠤᠷᠪᠠᠳᠤᠭᠠᠷ | ᠳᠤᠮᠳᠠᠳᠤ ᠰᠤᠷᠭᠠᠭᠤᠯᠢ ᠳᠤ ᠣᠷᠣᠭᠤᠯᠵᠤ᠂ ᠵᠢᠭᠠᠨ ᠰᠤᠷᠭᠠᠬᠤ ᠠᠰᠠᠷ ᠤᠨ ᠡᠮᠦᠨ᠎ᠡ ᠡᠯ᠎ᠡ ᠲᠥᠷᠥᠯ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠦᠵᠡᠭᠦᠯᠦᠯᠭᠡ ᠶᠢᠨ ᠵᠦᠢᠯ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠵᠡᠭᠦᠯᠦᠯᠭᠡ ᠶᠢᠨ | ᠰᠠᠮᠪᠠᠷ᠎ᠠ ᠶᠢ ᠪᠠᠶᠢᠷᠢᠯᠠᠭᠤᠯᠵᠤ᠂ ᠪᠥᠵᠢᠭ ᠤᠨ ᠬᠠᠪᠴᠢᠭᠤᠷ ᠵᠡᠭᠦᠦ᠂ ᠲᠦᠮᠡᠨ ᠴᠡᠴᠡᠭᠲᠦ ᠭᠤᠷᠲᠢᠭ᠂ ᠪᠥᠵᠢᠭ ᠤᠨ | ᠮᠠᠰᠢᠨ ᠬᠥᠮᠦᠨ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠯᠠᠨ ᠵᠦᠢᠯ ᠤᠨ ᠰᠣᠨᠢᠷᠬᠠᠯᠲᠠᠶ | ᠦᠵᠡᠭᠦᠯᠦᠯᠭᠡ ᠶᠢᠨ ᠵᠦᠢᠯᠡᠰ ᠨᠢ ᠰᠤᠷᠤᠭᠴᠢᠳ ᠤᠨ ᠠᠩᠬᠠᠷᠤᠯ ᠢ ᠲᠠᠲᠠᠪᠠ᠂ ᠪᠠᠭᠰᠢᠨᠠᠷ ᠪᠣᠯᠤᠨ ᠰᠤᠷᠤᠭᠴᠢᠳ | ᠦᠵᠡᠵᠤ ᠰᠤᠨᠢᠷᠬᠠᠭᠰᠠᠨ ᠢᠶᠠᠷ ᠪᠠᠷᠠᠬᠤ ᠦᠭᠡᠢ ᠪᠠᠰᠠ ᠭᠠᠷ ᠬᠥᠳᠡᠯᠦᠨ ᠠᠵᠢᠯᠯᠠᠪᠠ᠂ ᠡᠨᠡ ᠤᠳᠠᠭᠠᠨ ᠤ | ᠠᠵᠢᠯᠯᠠᠭ᠎ᠠ ᠨᠢ ᠬᠥᠮᠦᠰ ᠤᠨ ᠭᠠᠷ ᠬᠥᠳᠡᠯᠬᠦ᠂ ᠲᠠᠷᠢᠬᠢ ᠪᠠᠨ ᠬᠥᠳᠡᠯᠭᠡᠬᠦ ᠶᠠᠪᠤᠴᠠ ᠳᠤ ᠰᠢᠨᠵᠢᠯᠡᠬᠦ ᠤᠬᠠᠭᠠᠨ ᠤ | ᠤᠷᠮ᠎ᠠ ᠪᠠᠬ᠎ᠠ ᠶᠢ ᠣᠶᠢᠯᠠᠭᠠᠭᠤᠯᠵᠤ᠂ ᠰᠢᠨᠵᠢᠯᠡᠬᠦ ᠤᠬᠠᠭᠠᠨ ᠢ ᠰᠦᠪᠡᠭᠴᠢᠯᠡᠬᠦ ᠤᠷᠮ᠎ᠠ ᠵᠣᠷᠢᠭ ᠢ ᠬᠥᠭᠵᠢᠭᠡᠵᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠰᠡᠯ ᠵᠡᠭᠦᠳᠦ ᠶᠢ ᠨᠢ ᠬᠥᠭᠵᠢᠭᠡᠭᠰᠡᠨ ᠪᠠᠶᠢᠨ᠎ᠠ᠃ ᠡᠨᠡ ᠤᠳᠠᠭᠠᠨ ᠤ | ᠠᠵᠢᠯᠯᠠᠭ᠎ᠠ ᠨᠢ ᠬᠥᠮᠦᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠬᠢ ᠬᠦᠰᠡᠯ ᠡᠷᠡᠮᠡᠯᠵᠡᠯ ᠢ ᠨᠢ | ᠬᠥᠭᠵᠢᠭᠡᠭᠰᠡᠨ ᠪᠠᠶᠢᠨ᠎ᠠ᠃ ᠲᠣᠰ ᠤᠳᠠᠭᠠᠨ ᠤ ᠠᠵᠢᠯᠯᠠᠭ᠎ᠠ ᠳᠤ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠣᠷᠳᠣᠨ ᠠᠴᠠ ᠭᠤᠷᠪᠠᠳᠤᠭᠠᠷ ᠳᠤᠮᠳᠠᠳᠤ ᠰᠤᠷᠭᠠᠭᠤᠯᠢ ᠳᠤ 16 ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠦᠵᠡᠭᠦᠯᠦᠯᠭᠡ ᠶᠢᠨ ᠪᠣᠳᠠᠰ ᠬᠠᠨᠳᠢᠪᠯᠠᠬᠤ ᠶᠢᠨ ᠬᠠᠮᠲᠤ ᠰᠢᠨᠵᠢᠯᠡᠬᠦ ᠤᠬᠠᠭᠠᠨ ᠮᠡᠷᠭᠡᠵᠢᠯ ᠤᠨ ᠭᠠᠷ ᠳᠡᠪᠲᠡᠷ | ᠲᠠᠷᠬᠠᠭᠠᠵᠤ᠂ ᠰᠤᠷᠤᠭᠴᠢᠳ ᠤᠨ ᠰᠢᠨᠵᠢᠯᠡᠬᠦ ᠤᠬᠠᠭᠠᠨ ᠮᠡᠷᠭᠡᠵᠢᠯ ᠳᠤ ᠳᠤᠷᠠᠲᠠᠶ᠂ ᠰᠤᠳᠤᠯᠭᠠᠨ ᠳᠤ ᠳᠤᠷᠠᠲᠠᠶ ᠳᠤᠷ᠎ᠠ | ᠰᠣᠨᠢᠷᠬᠠᠯ ᠢ ᠬᠥᠮᠦᠵᠢᠭᠦᠯᠪᠡ᠃ | ᠲᠣᠰ ᠤᠳᠠᠭᠠᠨ ᠤ ᠨᠡᠶᠢᠭᠡᠮ ᠲᠣᠭᠤᠷᠢᠭ ᠲᠤ ᠭᠦᠨᠵᠡᠭᠡᠶᠢᠷᠡᠵᠦ᠂ ᠠᠮᠢᠳᠤᠷᠠᠯ ᠳᠤ ᠣᠶᠢᠷᠠᠲᠤᠭᠰᠠᠨ | ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠰᠢᠨ᠎ᠡ | ᠲᠢᠲᠢᠮᠯᠢᠭ ᠠᠭᠤᠰᠬᠢᠨ ᠥᠷᠪᠢᠰᠦᠯ ᠤᠨ ᠳᠠᠷᠠᠭᠠᠬᠢ ᠡᠷᠡᠭᠦᠯᠵᠢᠯ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠢ | ᠲᠦᠭᠡᠮᠡᠯᠵᠢᠭᠦᠯᠬᠦ ᠮᠡᠳᠡᠯᠭᠡ ᠶᠢ ᠣᠶᠢᠯᠠᠭᠠᠭᠤᠯᠵᠤ᠂ ᠵᠢᠱᠢᠭᠰᠡᠨ ᠤᠬᠠᠭᠤᠯᠭ᠎ᠠ ᠶᠢᠨ ᠦᠷ᠎ᠡ ᠪᠦᠲᠦᠮᠵᠢ ᠳᠤ ᠬᠦᠷᠭᠡᠵᠦ᠂ | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠠᠮᠲᠤ ᠶᠢᠨ ᠬᠦᠷᠢᠶᠡᠯᠡᠯ ᠢ ᠣᠯᠵᠤ᠂ ᠣᠯᠠᠨ ᠲᠦᠮᠡᠨ ᠤ | ᠬᠤᠯᠪᠣᠭᠳᠠᠯ ᠪᠥᠬᠦᠶ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠮᠡᠳᠡᠯᠭᠡ ᠶᠢᠨ ᠬᠡᠷᠡᠭᠴᠡᠭᠡ ᠶᠢ ᠬᠠᠩᠭᠠᠭᠰᠠᠨ | ᠪᠠᠶᠢᠨ᠎ᠠ᠃ | | |