ᠦᠴᠤᠸᠠᠨ ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠴᠠᠭᠠᠨ ᠰᠠᠷ᠎ᠠ ᠶᠢᠨ ᠬᠤᠭᠤᠴᠠᠭᠠᠨ ᠳᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯᠴᠢᠨ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/1/13
     ᠴᠠᠭᠠᠨ ᠰᠠᠷ᠎ᠠ ᠪᠣᠯᠬᠤ ᠭᠡᠵᠦ ᠪᠠᠶᠢᠭ᠎ᠠ ᠦᠶ᠎ᠡ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠪᠣᠯᠤᠨ ᠵᠠᠰᠠᠭ ᠤᠨ ᠣᠷᠳᠣᠨ ᠤ ᠬᠠᠯᠠᠮᠵᠢᠯᠠᠯ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠴᠠᠭ ᠲᠤᠬᠠᠢ ᠳᠤᠨᠢ ᠥᠷᠭᠡᠨ ᠤᠯᠠᠨ ᠠᠵᠢᠯᠳᠠᠨ ᠠᠵᠢᠯᠴᠢᠨ ᠤ ᠰᠡᠳᠬᠢᠯ ᠳᠤ ᠬᠦᠷᠭᠡᠵᠦ᠂ ᠥᠷᠭᠡᠨ ᠤᠯᠠᠨ ᠠᠵᠢᠯᠳᠠᠨ ᠠᠵᠢᠯᠴᠢᠨ ᠤ ᠥᠯᠵᠡᠢ ᠪᠡᠯᠭᠡ ᠲᠠᠢ᠂ ᠬᠠᠯᠠᠭᠤᠨ ᠳᠤᠯᠠᠭᠠᠨ ᠴᠠᠭᠠᠨ ᠰᠠᠷ᠎ᠠ ᠶᠢ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂ ᠦᠴᠤᠸᠠᠨ ᠰᠢᠶᠠᠨ ᠤ ᠠᠵᠢᠯᠴᠢᠨ ᠤ ᠶᠡᠷᠦᠩᠬᠡᠢ ᠡᠪᠯᠡᠯ 2023 ᠣᠨ ᠤ ᠬᠠᠶᠢᠷ᠎ᠠ ᠬᠠᠯᠠᠮᠵᠢ ᠬᠦᠷᠭᠡᠵᠦ ᠲᠣᠬᠤᠨᠢᠭᠤᠯᠬᠤ ᠠᠵᠢᠯᠯᠠᠭ᠎ᠠ ᠶᠢ ᠡᠬᠢᠯᠡᠭᠦᠯᠵᠡᠢ᠃ 1 ᠰᠠᠷ᠎ᠠ ᠶᠢᠨ 11 ᠤ ᠦᠳᠡ ᠶᠢᠨ ᠡᠮᠦᠨ᠎ᠡ᠂ ᠦᠴᠤᠸᠠᠨ ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠴᠠᠭᠠᠨ ᠰᠠᠷ᠎ᠠ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠰᠢᠩ ᡁᠢ ᠾᠧᠩ᠂ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠳᠡᠳ᠋ ᠲᠡᠷᠢᠭᠦᠯᠡᠭᠴᠢ ᠰᠢᠤᠢ ᠴᠦᠨ ᡁᠢ᠂ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠲᠤᠰᠢᠶᠠᠯ ᠬᠠᠪᠰᠤᠷᠭᠠᠭᠰᠠᠨ ᠳᠡᠳ᠋ ᠲᠡᠷᠢᠭᠦᠯᠡᠭᠴᠢ ᠬᠠᠨ ᠵᠢᠩ ᠰᠢᠩ ᠲᠣᠬᠤᠨᠢᠭᠤᠯᠬᠤ ᠠᠵᠢᠯᠯᠠᠭ᠎ᠠ ᠳᠤ ᠣᠷᠣᠯᠴᠠᠵᠤ᠂ ᠪᠦᠬᠦ ᠰᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯᠴᠢᠨ ᠳᠤ 2 ᠲᠦᠮᠡᠨ ᠲᠥᠭᠦᠷᠢᠭ ᠤᠨ ᠲᠣᠬᠤᠨᠢᠭᠤᠯᠬᠤ ᠮᠥᠩᠭᠦ ᠬᠦᠷᠭᠡᠵᠦ᠂ ᠪᠦᠬᠦ ᠰᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠹᠷᠣᠨᠲ ᠤᠨ ᠥᠷᠭᠡᠨ ᠤᠯᠠᠨ ᠠᠵᠢᠯᠲᠠᠳ ᠲᠤ ᠴᠠᠭᠠᠨ ᠰᠠᠷ᠎ᠠ ᠶᠢᠨ ᠵᠥᠩᠨᠡᠯ ᠪᠠ ᠴᠢᠩ ᠰᠡᠳᠬᠢᠯ ᠤᠨ ᠲᠣᠬᠤᠨᠢᠭᠤᠯᠤᠯ ᠢᠶᠠᠨ ᠳᠡᠪᠰᠢᠭᠦᠯᠵᠡᠢ᠃ ᠲᠣᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠨᠢ ᠠᠵᠢᠯᠴᠢᠨ ᠤ ᠶᠡᠷᠦᠩᠬᠡᠶ ᠡᠪᠯᠡᠯ ᠤᠨ ᠠᠵᠢᠯᠲᠠᠨ ᠠᠵᠢᠯᠴᠢᠨ ᠢ ᠬᠠᠯᠠᠮᠵᠢᠯᠠᠨ ᠬᠠᠶᠢᠷᠠᠯᠠᠵᠤ ᠪᠠᠶᠢᠬᠤ ᠶᠢ ᠭᠦᠢᠴᠡᠳ ᠢᠯᠡᠷᠡᠭᠦᠯᠵᠦ᠂ ᠠᠵᠢᠯᠲᠠᠨ ᠠᠵᠢᠯᠴᠢᠨ ᠤ ᠬᠠᠷᠢᠶᠠᠯᠠᠭᠳᠠᠬᠤ ᠰᠡᠳᠬᠢᠯᠭᠡ᠂ ᠬᠦᠷᠲᠡᠮᠵᠢ ᠶᠢᠨ ᠰᠡᠳᠬᠢᠯᠭᠡ ᠪᠠ ᠵᠣᠯ ᠵᠢᠷᠭᠠᠯᠲᠤ ᠰᠡᠳᠬᠢᠯᠭᠡ ᠶᠢ ᠦᠨᠡᠨ ᠬᠦ ᠨᠡᠮᠡᠭᠳᠡᠭᠦᠯᠪᠡ᠃ ᠲᠠᠷᠠᠭᠠᠴᠢ ᠶᠢᠨ ᠠᠯᠬᠤᠮ ᠤᠨ ᠠᠵᠢᠯ ᠤᠨ ᠳᠤᠮᠳᠠ᠂ ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠨᠢ ᠠᠵᠢᠯᠲᠠᠨ ᠠᠵᠢᠯᠴᠢᠨ ᠤ  ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠶᠢ ᠦᠷᠭᠦᠯᠵᠢᠯᠡᠨ ᠤᠶᠢᠯᠠᠭᠠᠨ ᠡᠵᠡᠮᠰᠢᠵᠦ᠂ ᠬᠠᠯᠠᠮᠵᠢᠯᠠᠯ ᠬᠦᠷᠲᠡᠭᠡᠬᠦ ᠠᠵᠢᠯᠯᠠᠭ᠎ᠠ ᠶᠢ ᠠᠵᠢᠯᠲᠠᠨ ᠠᠵᠢᠯᠴᠢᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠴᠢᠬᠤᠯᠠ ᠠᠴᠢᠶᠠᠯᠠᠪᠤᠷᠢ ᠪᠣᠯᠭᠠᠵᠤ᠂ ᠬᠠᠯᠠᠮᠵᠢᠯᠠᠯ ᠬᠦᠷᠲᠡᠭᠡᠬᠦ ᠠᠵᠢᠯ ᠢ ᠭᠦᠨᠵᠡᠭᠡᠶ ᠪᠥᠭᠡᠳ ᠨᠠᠷᠢᠯᠢᠭ ᠪᠥᠭᠡᠳ ᠪᠣᠳᠠᠲᠠᠶ ᠪᠠᠷ ᠬᠢᠵᠦ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢ ᠦᠨᠡᠨ ᠬᠦ ᠠᠵᠢᠯᠲᠠᠨ ᠠᠵᠢᠯᠴᠢᠨ ᠣᠯᠠᠨ ᠲᠦᠮᠡᠨ ᠤ ᠢᠲᠡᠭᠡᠮᠵᠢᠲᠡᠶ᠂ ᠨᠠᠶᠢᠳᠠᠪᠤᠷᠢᠲᠠᠶ ︽ᠳᠣᠲᠣᠨᠣ ᠬᠥᠮᠦᠨ︾᠂ ︽ᠲᠥᠷᠬᠦᠮ ᠤᠨ ᠬᠥᠮᠦᠨ︾  ᠪᠣᠯᠤᠨ᠎ᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号