︽ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ ᠤᠯᠠᠨ ᠨᠡᠶᠢᠲᠡ ᠶᠢᠨ ᠮᠦᠰᠦ ᠴᠠᠰᠤᠨ ᠤ ᠤᠯᠠᠷᠢᠯ︾ ᠬᠦᠬᠡᠬᠤᠲᠠ ᠶᠢᠨ ᠭᠤᠷᠪᠠᠳᠤᠭᠠᠷ ᠬᠤᠭᠤᠴᠠᠭᠠᠨ ᠤ ᠮᠦᠰᠦ ᠴᠠᠰᠤᠨ ᠤ ᠤᠯᠠᠷᠢᠯ ᠤᠨ ᠰᠢᠷᠢᠰ ᠠᠵᠢᠯᠯᠠᠭ᠎ᠠ ᠶᠢᠨ ᠡᠬᠢᠯᠡᠯᠲᠡ ᠶᠢᠨ ᠶᠣᠰᠤᠯᠠᠯ ᠵᠢᠴᠢ ᠪᠦᠬᠦ ᠬᠤᠲᠠ ᠶᠢᠨ ᠺᠠᠳ᠋ᠷ ᠠᠵᠢᠯᠲᠠᠳ ᠤᠨ ᠮᠦᠰᠦ ᠴᠠᠰᠤᠨ ᠤ ᠲᠠᠮᠢᠷ ᠤᠨ ᠴᠤᠭᠯᠠᠭᠠᠨ ᠡᠬᠢᠯᠡᠪᠡ
ᠨᠡᠶᠢᠲᠡᠯᠡᠭᠰᠡᠨ ᠴᠠᠭ᠄
2023/1/16
     ᠪᠡᠶ᠎ᠡ ᠲᠠᠮᠢᠷ ᠤᠨ ᠬᠦᠴᠦᠷᠭᠡᠭ ᠤᠯᠤᠰ ᠢ ᠲᠦᠷᠭᠡᠪᠴᠢᠯᠡᠨ ᠪᠠᠶᠢᠭᠤᠯᠵᠤ᠂ ᠬᠦᠬᠡᠬᠤᠲᠠ ᠲᠡᠷᠡᠴᠢᠯᠡᠨ ᠦᠪᠦᠷ ᠮᠣᠩᠭᠤᠯ ᠣᠷᠣᠨ ᠤ ᠮᠦᠰᠦ ᠴᠠᠰᠤᠨ ᠤ ᠬᠦᠳᠡᠯᠭᠡᠭᠡᠨ ᠤ ᠲᠦᠷᠦᠯ ᠲᠡᠮᠳᠡᠭ ᠢ ᠴᠤᠭᠴᠠᠯᠠᠵᠤ᠂ ︽ᠵᠠᠭᠤᠨ ᠲᠦᠮᠡᠨ ᠵᠠᠯᠠᠭᠤᠴᠤᠳ ᠪᠠᠭᠠᠴᠤᠳ ᠮᠦᠰᠦ ᠴᠠᠰᠤᠨ ᠳᠡᠭᠡᠷ᠎ᠡ ᠭᠠᠷᠬᠤ︾ ᠶᠢ  ᠠᠬᠢᠭᠤᠯᠵᠤ᠂ ᠡᠪᠦᠯ ᠤᠨ ᠤᠯᠠᠷᠢᠯ ᠤᠨ ᠬᠦᠳᠡᠯᠭᠡᠭᠡᠨ ᠤ ᠲᠦᠷᠦᠯ ᠵᠦᠢᠯ ᠤᠨ ᠬᠠᠩᠭᠠᠯᠭ᠎ᠠ ᠶᠢ ᠨᠡᠮᠡᠭᠳᠡᠭᠦᠯᠦᠨ᠂ ᠤᠯᠠᠨ ᠲᠦᠮᠡᠨ ᠤ ᠡᠪᠦᠯ ᠤᠨ ᠤᠯᠠᠷᠢᠯ ᠤᠨ ᠬᠦᠳᠡᠯᠭᠡᠭᠡᠨ ᠤ ᠬᠡᠷᠡᠭᠴᠡᠭᠡ ᠶᠢ ᠬᠦᠭᠵᠢᠭᠡᠬᠦ ᠶᠢᠨ ᠲᠦᠯᠦᠭᠡ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠭᠤᠣᠯᠯᠠᠨ ᠡᠷᠬᠢᠯᠡᠵᠦ᠂ ᠬᠤᠲᠠ ᠶᠢᠨ ᠪᠡᠶ᠎ᠡ ᠲᠠᠮᠢᠷ ᠤᠨ ᠲᠣᠪᠴᠢᠶ᠎ᠠ ᠲᠠᠭᠠᠭᠠᠴᠢᠯᠠᠨ ᠡᠷᠬᠢᠯᠡᠵᠦ᠂ ᠬᠤᠯᠪᠤᠭᠳᠠᠯ ᠪᠦᠬᠦᠢ ᠨᠢᠭᠡᠴᠡ ᠬᠠᠮᠵᠢᠯᠴᠠᠨ ᠡᠷᠬᠢᠯᠡᠭᠰᠡᠨ  ︽ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ ᠤᠯᠠᠨ ᠨᠡᠶᠢᠲᠡ ᠶᠢᠨ  ᠮᠦᠰᠦ ᠴᠠᠰᠤᠨ ᠤ ᠤᠯᠠᠷᠢᠯ︾ ᠬᠦᠬᠡᠬᠤᠲᠠ ᠶᠢᠨ ᠭᠤᠷᠪᠠᠳᠤᠭᠠᠷ ᠬᠤᠭᠤᠴᠠᠭᠠᠨ ᠤ ᠮᠦᠰᠦ ᠴᠠᠰᠤᠨ ᠤ ᠤᠯᠠᠷᠢᠯ ᠤᠨ ᠰᠢᠷᠢᠰ ᠠᠵᠢᠯᠯᠠᠭ᠎ᠠ ᠶᠢᠨ ᠡᠬᠢᠯᠡᠯᠲᠡ ᠶᠢᠨ ᠶᠣᠰᠤᠯᠠᠯ ᠵᠢᠴᠢ ᠪᠦᠬᠦ ᠬᠤᠲᠠ ᠶᠢᠨ ᠺᠠᠳ᠋ᠷ ᠠᠵᠢᠯᠲᠠᠳ ᠤᠨ ᠮᠦᠰᠦ ᠴᠠᠰᠤᠨ ᠤ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠤᠯᠠᠯ 1ᠳ᠋ᠤᠭᠡᠷ ᠰᠠᠷ᠎ᠠ ᠶᠢᠨ 13  ᠤ ᠡᠳᠦᠷ ᠷᠦ ᠢ ᠭᠤᠣᠯ ᠤᠨ ᠵᠡᠭᠦᠨ ᠭᠤᠣᠯ ᠤᠨ ᠬᠡᠰᠡᠭ ᠲᠤ ᠶᠠᠪᠤᠭᠳᠠᠪᠠ᠃      ᠲᠤᠰ ᠬᠤᠭᠤᠴᠠᠭᠠᠨ ᠤ ᠮᠦᠰᠦ ᠴᠠᠰᠤᠨ ᠤ ᠤᠯᠠᠷᠢᠯ ᠤᠨ ᠠᠵᠢᠯᠯᠠᠭ᠎ᠠ ᠶᠢᠨ ᠮᠦᠰᠦ ᠴᠠᠰᠤᠨ ᠤ ᠲᠠᠯᠠᠪᠠᠢ19 ᠲᠦᠮᠡᠨ ᠲᠡᠭᠰᠢ ᠳᠦᠷᠪᠡᠯᠵᠢᠨ ᠮᠧᠲᠷ ᠬᠦᠷᠴᠦ᠂ ᠨᠡᠶᠢᠲᠡ17 ᠲᠦᠷᠦᠯ ᠤᠨ ᠮᠦᠰᠦ ᠴᠠᠰᠤᠨ ᠤ ᠨᠠᠭᠠᠳᠤᠮ ᠤ ᠲᠦᠷᠦᠯ ᠵᠦᠢᠯ ᠢ ᠲᠣᠬᠢᠷᠠᠭᠤᠯᠵᠤ᠂ ᠨᠢᠭᠡ ᠤᠳᠠᠭ᠎ᠠ ᠳᠤ 8000 ᠬᠦᠮᠦᠨ ᠢ ᠬᠦᠯᠢᠶᠡᠨ ᠠᠪᠴᠤ ᠪᠣᠯᠤᠨ᠎ᠠ᠃ ᠲᠤᠰ ᠬᠤᠭᠤᠴᠠᠭᠠᠨ ᠤ ᠮᠦᠰᠦ ᠴᠠᠰᠤᠨ ᠤ ᠤᠯᠠᠷᠢᠯ ᠤᠨ ᠠᠵᠢᠯᠯᠠᠭ᠎ᠠ ᠨᠢ ᠭᠤᠣᠯᠳᠠᠭᠤ 8 ᠶᠡᠭᠡ ᠮᠦᠰᠦ ᠴᠠᠰᠤᠨ ᠤ ᠲᠦᠷᠦᠯ ᠵᠦᠢᠯ ᠢ ᠪᠡᠶᠡᠴᠢᠯᠡᠨ ᠣᠶᠢᠯᠠᠭᠠᠬᠤ  ᠬᠦᠳᠡᠯᠭᠡᠭᠡᠨ ᠢ ᠪᠠᠭᠲᠠᠭᠠᠵᠤ᠂ ᠲᠤᠰᠪᠦᠷᠢ ︽ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ ᠤᠯᠠᠨ ᠨᠡᠶᠢᠲᠡ ᠶᠢᠨ  ᠮᠦᠰᠦ ᠴᠠᠰᠤᠨ ᠤ ᠤᠯᠠᠷᠢᠯ︾ ᠬᠦᠬᠡᠬᠤᠲᠠ ᠶᠢᠨ ᠭᠤᠷᠪᠠᠳᠤᠭᠠᠷ ᠬᠤᠭᠤᠴᠠᠭᠠᠨ ᠤ ᠮᠦᠰᠦ ᠴᠠᠰᠤᠨ ᠤ ᠤᠯᠠᠷᠢᠯ ᠤᠨ ᠰᠢᠷᠢᠰ ᠠᠵᠢᠯᠯᠠᠭ᠎ᠠ ᠶᠢᠨ ᠡᠬᠢᠯᠡᠯᠲᠡ ᠶᠢᠨ ᠶᠣᠰᠤᠯᠠᠯ᠂ ᠪᠦᠬᠦ ᠬᠤᠲᠠ ᠶᠢᠨ ᠺᠠᠳ᠋ᠷ ᠠᠵᠢᠯᠲᠠᠳ ᠤᠨ ᠮᠦᠰᠦ ᠴᠠᠰᠤᠨ ᠤ ᠲᠠᠮᠢᠷ ᠤᠨ ᠴᠤᠭᠯᠠᠭᠠᠨ᠂ ᠬᠦᠬᠡᠬᠤᠲᠠ ᠶᠢᠨ ᠤᠯᠠᠨ ᠨᠡᠶᠢᠲᠡ ᠶᠢᠨ ᠴᠠᠰᠤᠨ ᠳᠡᠭᠡᠷᠡᠬᠢ ᠬᠥᠯ ᠪᠦᠮᠪᠦᠭᠡ ᠶᠢᠨ ᠢᠯᠡ ᠤᠷᠤᠯᠳᠤᠭᠠᠨ᠂ ᠬᠦᠬᠡᠬᠤᠲᠠ ᠶᠢᠨ ᠤᠯᠠᠨ ᠨᠡᠶᠢᠲᠡ ᠶᠢᠨ ᠮᠦᠰᠦᠨ ᠪᠦᠮᠪᠦᠭᠡ ᠶᠢᠨ ᠢᠯᠡ ᠤᠷᠤᠯᠳᠤᠭᠠᠨ᠂  ᠬᠦᠬᠡᠬᠤᠲᠠ ᠶᠢᠨ ᠵᠠᠯᠠᠭᠤᠴᠤᠳ ᠪᠠᠭᠠᠴᠤᠳ ᠤᠨ ᠮᠦᠰᠦᠨ ᠪᠦᠮᠪᠦᠭᠡ ᠶᠢᠨ ᠢᠯᠡ ᠤᠷᠤᠯᠳᠤᠭᠠᠨ᠂ ᠬᠦᠬᠡᠬᠤᠲᠠ ᠶᠢᠨ ᠤᠯᠠᠨ ᠨᠡᠶᠢᠲᠡ ᠶᠢᠨ ᠬᠤᠷᠳᠤ ᠰᠢᠯᠭᠠᠬᠤ ᠮᠦᠰᠦᠨ ᠳᠤ ᠲᠡᠰᠢᠬᠦ ᠢᠯᠡ ᠤᠷᠤᠯᠳᠤᠭᠠᠨ᠂ ᠬᠦᠬᠡᠬᠤᠲᠠ ᠶᠢᠨ ᠵᠠᠯᠠᠭᠤᠴᠤᠳ ᠪᠠᠭᠠᠴᠤᠳ ᠤᠨ ᠬᠤᠷᠳᠤ ᠰᠢᠯᠭᠠᠬᠤ ᠮᠦᠰᠦᠨ ᠳᠤ ᠲᠡᠰᠢᠬᠦ ᠢᠯᠡ ᠤᠷᠤᠯᠳᠤᠭᠠᠨ᠂ ᠬᠦᠬᠡᠬᠤᠲᠠ ᠶᠢᠨ ᠤᠯᠠᠨ ᠨᠡᠶᠢᠲᠡ ᠶᠢᠨ ᠴᠠᠰᠤᠨ ᠳᠡᠭᠡᠷᠡᠬᠢ ᠵᠦᠭᠡᠯᠡᠨ ᠮᠠᠶ᠋ᠢᠭ ᠤᠨ ᠪᠣᠶᠢᠺᠤ ᠪᠦᠮᠪᠦᠭᠡᠨ ᠤ ᠢᠯᠡ ᠤᠷᠤᠯᠳᠤᠭᠠᠨ ᠪᠣᠯᠤᠨ᠎ᠠ᠃    ᠮᠦᠰᠦ ᠴᠠᠰᠤᠨ ᠤ ᠤᠯᠠᠷᠢᠯ ᠤᠨ ᠠᠵᠢᠯᠯᠠᠭ᠎ᠠ ᠳᠤ ᠪᠦᠬᠦ ᠬᠤᠲᠠ ᠶᠢᠨ ᠪᠠᠶᠢᠭᠤᠯᠭ᠎ᠠ ᠨᠢᠭᠡᠴᠡ ᠶᠢᠨ ᠠᠵᠢᠯᠲᠠᠨ ᠲᠦᠷᠦᠭᠦᠯᠡᠨ ᠣᠷᠤᠯᠴᠠᠵᠤ᠂ ᠥᠷᠭᠡᠨ ᠣᠯᠠᠨ ᠺᠠᠳ᠋ᠷ ᠠᠵᠢᠯᠲᠠᠨ ᠳᠤ ᠪᠡᠶ᠎ᠡ ᠪᠠᠨ ᠪᠣᠯᠪᠠᠰᠤᠷᠠᠭᠤᠯᠵᠤ ᠪᠡᠶ᠎ᠡ ᠪᠠᠨ ᠴᠢᠬᠢᠷᠠᠭᠵᠢᠭᠤᠯᠬᠤ᠂ ᠶᠠᠪᠤᠯᠴᠠᠭ᠎ᠠ ᠰᠣᠯᠢᠯᠴᠠᠭ᠎ᠠ ᠪᠠᠨ ᠨᠡᠮᠡᠭᠳᠡᠭᠦᠯᠬᠦ ᠰᠠᠶᠢᠬᠠᠨ ᠲᠠᠪᠴᠠᠩ ᠢ ᠪᠠᠶᠢᠭᠤᠯᠵᠤ ᠦᠭᠭᠦᠭᠰᠡᠨ ᠪᠠᠶᠢᠨ᠎ᠠ᠃  ᠠᠵᠢᠯᠯᠠᠭ᠎ᠠ ᠨᠢ ᠨᠡᠩ ᠤᠯᠠᠨ ᠬᠦᠮᠦᠰ ᠤᠨ ᠮᠦᠰᠦ ᠴᠠᠰᠤᠨ ᠤ ᠬᠦᠳᠡᠯᠭᠡᠭᠡᠨ ᠳᠤ ᠣᠷᠤᠯᠴᠠᠬᠤ ᠶᠢ ᠵᠣᠷᠢᠭᠵᠢᠭᠤᠯᠵᠤ᠂ ᠰᠣᠨᠢᠷᠬᠠᠯ ᠢ ᠨᠢ ᠲᠠᠲᠠᠵᠤ᠂ ᠬᠦᠬᠡᠬᠤᠲᠠ ᠶᠢᠨ ᠪᠦᠬᠦ ᠠᠷᠠᠳ ᠤᠨ ᠮᠦᠰᠦ ᠴᠠᠰᠤᠨ ᠤ  ᠬᠦᠳᠡᠯᠭᠡᠭᠡᠨ ᠳᠤ ᠣᠷᠤᠯᠴᠠᠬᠤ ᠤᠷᠮ᠎ᠠ ᠪᠠᠬ᠎ᠠ ᠶᠢ ᠬᠦᠭᠵᠢᠭᠡᠬᠦ ᠪᠣᠯᠤᠨ᠎ᠠ᠃ ᠣᠷᠣᠨ ᠤ ᠲᠥᠪ ᠤᠨ ᠮᠦᠰᠦ ᠴᠠᠰᠤᠨ ᠤ ᠮᠦᠳᠡᠯᠭᠡᠭᠡᠨ ᠤ ᠦᠷᠭᠦᠯᠵᠢᠯᠡᠨ ᠬᠦᠭᠵᠢᠬᠦ ᠶᠢ ᠲᠦᠯᠬᠢᠨ ᠠᠬᠢᠭᠤᠯᠵᠤ᠂ ᠮᠠᠨ ᠤ ᠬᠤᠲᠠ ᠶᠢᠨ ᠮᠦᠰᠦ ᠴᠠᠰᠤᠨ ᠤ ᠪᠦᠲᠦᠭᠡᠭᠳᠡᠭᠦᠨ ᠢ ᠰᠣᠳᠤᠯᠤᠨ ᠨᠡᠭᠡᠭᠡᠵᠦ ᠪᠣᠷᠤᠯᠠᠭᠤᠯᠬᠤ ᠵᠢᠴᠢ ᠬᠤᠯᠪᠤᠭᠳᠠᠯ ᠪᠦᠬᠦᠢ ᠪᠣᠯᠪᠠᠰᠤᠷᠠᠭᠤᠯᠤᠯ ᠤᠨ ᠠᠵᠢᠯ ᠲᠦᠷᠦᠯ ᠤᠨ ᠬᠦᠭᠵᠢᠯᠲᠡ ᠶᠢ ᠳᠠᠶᠢᠴᠢᠯᠠᠵᠤ᠂ ᠮᠦᠰᠦ ᠴᠠᠰᠤᠨ ᠤ ᠬᠡᠷᠡᠭᠯᠡᠭᠡ ᠶᠢ ᠠᠬᠢᠭᠤᠯᠬᠤ ᠪᠣᠯᠤᠨ᠎ᠠ᠃
 
ᠢᠷᠡᠯᠲᠡ᠄ ᠬᠦᠬᠡᠬᠤᠲᠠ ᠶᠢᠨ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号