ᠬᠦᠬᠡᠬᠤᠲᠠ ᠶᠢᠨ ᠲᠦᠯᠦᠭᠡᠯᠡᠭᠴᠢᠳ ᠤᠨ ᠪᠦᠯᠬᠦᠮ ︽ᠬᠤᠶᠠᠷ ᠬᠤᠷᠢᠶ᠎ᠠ︾ ᠶᠢᠨ ᠠᠵᠢᠯ ᠤᠨ ᠮᠡᠳᠡᠭᠦᠯᠦᠯᠲᠡ ᠶᠢ ᠬᠢᠨᠠᠨ ᠵᠦᠪᠯᠡᠪᠡ
ᠨᠡᠶᠢᠲᠡᠯᠡᠭᠰᠡᠨ ᠴᠠᠭ᠄
2023/1/16
    1 ᠳ᠋ᠤᠭᠡᠷ ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠣᠷᠣᠯᠴᠠᠭᠰᠠᠨ ᠬᠦᠬᠡᠬᠤᠲᠠ ᠶᠢᠨ ᠲᠦᠯᠦᠭᠡᠯᠡᠭᠴᠢᠳ ᠤᠨ ᠪᠦᠯᠬᠦᠮ ᠤᠨ ᠲᠦᠯᠦᠭᠡᠯᠡᠭᠴᠢᠳ ᠥᠪᠡᠷᠲᠡᠭᠡᠨ  ᠵᠠᠰᠠᠬᠤ ᠣᠷᠣᠨ ᠤ  ᠠᠷᠠᠳ ᠤᠨ ᠦᠨᠳᠦᠷ ᠵᠡᠷᠭᠡ ᠶᠢᠨ ᠰᠢᠬᠦᠬᠦ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠬᠢᠨᠠᠨ ᠵᠦᠪᠯᠡᠪᠡ᠃      ᠲᠦᠯᠦᠭᠡᠯᠡᠭᠴᠢᠳ᠂ ᠥᠩᠭᠡᠷᠡᠭᠰᠡᠨ ᠲᠠᠪᠤᠨ ᠵᠢᠯ ᠳᠤ᠂ ᠪᠦᠬᠦ ᠣᠷᠣᠨ ᠤ ᠡᠯ᠎ᠡ ᠱᠠᠲᠤᠨ ᠤ ᠰᠢᠬᠦᠬᠦ ᠬᠤᠷᠢᠶᠠᠨ ᠤ ᠬᠠᠤᠯᠢ ᠴᠠᠭᠠᠵᠠ ᠪᠠᠷ ᠣᠯᠠᠨ ᠲᠦᠮᠡᠨ ᠳᠤ ᠦᠢᠯᠡᠴᠢᠯᠡᠬᠦ ᠠᠷᠭ᠎ᠠ ᠬᠡᠮᠵᠢᠶ᠎ᠡ ᠲᠠᠰᠤᠷᠠᠯᠲᠠ ᠦᠭᠡᠢ ᠲᠡᠭᠦᠯᠳᠡᠷᠵᠢᠵᠦ᠂ ᠬᠡᠷᠡᠭ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠥᠷᠬᠦᠯᠵᠢᠯᠡᠨ ᠰᠠᠶᠢᠵᠢᠷᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠦᠭᠵᠢᠯᠲᠡ ᠳᠤ ᠦᠢᠯᠡᠴᠢᠯᠡᠵᠦ ᠪᠠᠲᠤᠯᠠᠭ᠎ᠠ ᠬᠠᠩᠭᠠᠭᠰᠠᠨ ᠦᠷ᠎ᠡ ᠪᠦᠲᠦᠮᠵᠢ ᠢᠯᠡᠷᠬᠡᠢ᠃ ᠪᠦᠬᠦ ᠣᠷᠣᠨ ᠤ ᠪᠠᠶᠢᠴᠠᠭᠠᠬᠤ ᠠᠵᠢᠯ ᠪᠠᠶᠢᠴᠠᠭᠠᠬᠤ ᠣᠨᠤᠯᠵᠢᠬᠤᠨ ᠤ ᠦᠭᠡᠷᠡᠴᠢᠯᠡᠯᠲᠡ᠂ ᠡᠭᠦᠷᠭᠡ ᠴᠢᠳᠠᠪᠤᠷᠢ ᠶᠢᠨ ᠰᠢᠰᠲ᠋ᠧᠮᠵᠢ ᠶᠢ ᠲᠠᠬᠢᠨ ᠪᠣᠢ ᠪᠣᠯᠭᠠᠬᠤ᠂ ᠲᠤᠳᠤᠭᠠᠳᠤ ᠶᠢᠨ ᠪᠠᠶᠢᠭᠤᠯᠤᠮᠵᠢ ᠶᠢ ᠲᠠᠬᠢᠨ ᠪᠦᠲᠦᠭᠡᠬᠦ ᠴᠢᠬᠤᠯᠠ ᠶᠡᠭᠡ ᠬᠤᠪᠢᠷᠠᠯᠲᠠ ᠶᠢ ᠪᠡᠶᠡᠯᠡᠭᠦᠯᠵᠦ᠂ ᠶᠠᠭ ᠴᠢᠨᠠᠷ ᠰᠠᠶᠢᠲᠠᠢ ᠬᠦᠭᠵᠢᠯᠲᠡ ᠶᠢᠨ ᠰᠢᠨ᠎ᠡ ᠱᠠᠲᠤ ᠦᠶ᠎ᠡ ᠲᠡᠶᠢᠰᠢ ᠤᠷᠤᠭᠰᠢᠯᠠᠵᠤ ᠪᠠᠶᠢᠨ᠎ᠠ ᠭᠡᠵᠦ ᠦᠵᠡᠵᠡᠭᠡᠪᠡ᠃    ᠲᠦᠯᠦᠭᠡᠯᠡᠭᠴᠢᠳ᠂ ᠰᠢᠨ᠎ᠡ ᠨᠢᠭᠡᠨ ᠵᠢᠯ ᠳᠤ᠂ ᠪᠦᠬᠦ ᠣᠷᠣᠨ ᠤ ᠡᠯ᠎ᠡ ᠱᠠᠲᠤᠨ ᠤ ᠰᠢᠭᠦᠬᠦ ᠬᠤᠷᠢᠶ᠎ᠠ ᠰᠢᠭᠦᠨ ᠲᠠᠰᠤᠯᠬᠤ ᠡᠷᠬᠡ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠡᠷᠡᠭ ᠰᠢᠢᠳᠪᠦᠷᠢᠯᠡᠵᠦ ᠠᠵᠢᠯ ᠶᠠᠪᠤᠳᠠᠯ ᠭᠦᠢᠴᠡᠳᠬᠡᠬᠦ ᠴᠣᠪᠤᠷᠠᠯ ᠢ ᠴᠣᠮᠬᠤᠳᠬᠠᠪᠠᠯ ᠵᠣᠬᠢᠨ᠎ᠠ᠃ ᠪᠦᠬᠦ ᠣᠷᠣᠨ ᠤ ᠡᠯ᠎ᠡ ᠱᠠᠳᠤᠨ ᠤ ᠪᠠᠶᠢᠴᠠᠭᠠᠬᠤ ᠪᠠᠶᠢᠭᠤᠯᠭ᠎ᠠ ᠠᠷᠠᠳ ᠤᠨ ᠠᠮᠢᠳᠤᠷᠠᠯ ᠤᠨ ᠬᠠᠤᠯᠢ ᠴᠠᠭᠠᠵᠠ ᠶᠢᠨ ᠪᠠᠲᠤᠯᠠᠭ᠎ᠠ ᠪᠠ ᠬᠠᠤᠯᠢᠵᠢᠯ ᠤᠨ ᠦᠪᠦᠷ ᠮᠣᠩᠭᠤᠯ ᠤᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠲᠠᠯ᠎ᠠ ᠪᠠᠷ ᠠᠵᠢᠯ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠦᠭᠵᠢᠯᠲᠡ ᠳᠤ ᠨᠡᠩ ᠬᠦᠴᠦᠲᠡᠢ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠪᠠᠯ ᠵᠣᠬᠢᠨ᠎ᠠ ᠭᠡᠵᠡᠢ᠃
 
ᠢᠷᠡᠯᠲᠡ᠄ ᠬᠦᠬᠡᠬᠤᠲᠠ ᠶᠢᠨ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号