ᠦᠴᠦᠸᠠᠨ ᠰᠢᠶᠠᠨ ᠤ ᠤᠯᠠᠭᠠᠨᠮᠥ᠋ᠴᠢᠷ ︽ᠴᠠᠭᠠᠨ ᠰᠠᠷ᠎ᠠ ᠶᠢ ᠤᠭᠲᠤᠵᠤ  ᠬᠠᠶᠢᠷ᠎ᠠ ᠬᠠᠯᠠᠮᠵᠢ ᠬᠦᠷᠭᠡᠶ᠎ᠡ︾ ᠭᠡᠬᠦ ᠤᠷᠠᠨ ᠰᠠᠶᠢᠬᠠᠨ ᠤ ᠲᠣᠭᠯᠠᠯᠲᠠ ᠶᠠᠪᠤᠭᠳᠠᠭᠤᠯᠪᠠ
ᠨᠡᠶᠢᠲᠡᠯᠡᠭᠰᠡᠨ ᠴᠠᠭ᠄
2023/1/16
     2023 ᠣᠨ ᠤ 1 ᠰᠠᠷ᠎ᠠ ᠶᠢᠨ 11 ᠤ ᠡᠳᠦᠷ᠂ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠤᠨ ᠣᠯᠠᠨ ᠲᠦᠮᠡᠨ ᠳᠤ ᠦᠢᠯᠡᠴᠢᠯᠡᠬᠦ ᠬᠤᠰᠢᠭᠤᠴᠢ ᠵᠢᠱᠢᠶᠡᠴᠢ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠬᠤ ᠶᠢᠨ ᠲᠥᠯᠥᠭᠡ᠂ ᠦᠴᠦᠸᠠᠨ ᠰᠢᠶᠠᠨ ᠤ ᠤᠯᠠᠭᠠᠨᠮᠥ᠋ᠴᠢᠷ ᠠᠴᠠ ᠪᠢᠳᠡᠨ ᠤ ᠪᠠᠶᠠᠷ ᠤᠨ ᠡᠳᠦᠷ ︱ ᠴᠠᠭᠠᠨ ᠰᠠᠷ᠎ᠠ ᠶᠢᠨ ︽ᠴᠠᠭᠠᠨ ᠰᠠᠷ᠎ᠠ ᠶᠢ ᠤᠭᠲᠤᠵᠤ ᠬᠠᠶᠢᠷ᠎ᠠ ᠬᠠᠯᠠᠮᠵᠢ ᠶᠢ ᠬᠦᠷᠭᠡᠶ᠎ᠡ︾ ᠭᠡᠬᠦ ᠰᠣᠶᠣᠯ ᠤᠷᠠᠯᠢᠭ ᠤᠨ ᠲᠣᠭᠯᠠᠯᠲᠠ ᠥᠷᠨᠢᠭᠦᠯᠵᠦ᠂ ᠠᠵᠢᠯᠯᠠᠭ᠎ᠠ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠠᠷ ᠭᠤᠣᠯ ᠰᠡᠳᠦᠪ ᠪᠣᠯᠭᠠᠵᠤ᠂ ᠲᠦᠮᠡᠨ ᠡᠷᠦᠬᠡ ᠳᠤ ᠬᠦᠷᠴᠦ᠂ ᠠᠷᠠᠳ ᠲᠦᠮᠡᠨ ᠳᠤ ᠦᠢᠯᠡᠴᠢᠯᠡᠬᠦ ᠪᠠᠷ ᠵᠣᠷᠢᠯᠲᠠ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠠᠵᠢᠯ ᠤᠨ ᠤᠳᠤᠷᠢᠳᠤᠮᠵᠢ ᠶᠢ ᠪᠠᠷᠢᠮᠲᠠᠯᠠᠨ᠂ ᠬᠡᠯᠪᠡᠷᠢ ᠮᠠᠶ᠋ᠢᠭ ᠨᠢ ᠣᠯᠠᠨ ᠶᠠᠩᠵᠤ ᠶᠢᠨ᠂ ᠠᠭᠤᠯᠭ᠎ᠠ ᠨᠢ ᠪᠠᠶᠠᠯᠢᠭ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠤᠭᠰᠠᠨ ᠰᠣᠶᠣᠯ ᠤᠨ ᠠᠵᠢᠯᠯᠠᠭ᠎ᠠ ᠶᠢ ᠳᠠᠶᠢᠴᠢᠯᠠᠨ ᠵᠣᠬᠢᠶᠠᠨ ᠪᠠᠶᠢᠭᠤᠯᠵᠤ ᠥᠷᠨᠢᠭᠦᠯᠦᠨ᠂ ᠦᠨᠳᠦᠰᠦᠨ ᠱᠠᠲᠤᠨ ᠤ ᠣᠯᠠᠨ ᠲᠦᠮᠡᠨ ᠤ ᠰᠣᠶᠣᠯ ᠤᠨ ᠬᠡᠷᠡᠭᠴᠡᠭᠡ ᠶᠢ ᠬᠠᠩᠭᠠᠵᠤ᠂ ᠠᠷᠠᠳ ᠣᠯᠠᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠬᠦᠴᠦᠷᠬᠡᠭ ᠶᠡᠭᠡ ᠣᠶᠤᠨ ᠰᠠᠨᠠᠭᠠᠨ ᠤ ᠬᠦᠴᠦᠨ ᠢ ᠨᠢᠭᠲᠠᠷᠠᠭᠤᠯᠪᠠ᠃      ᠠᠵᠢᠯᠯᠠᠭ᠎ᠠ ᠶᠢᠨ ᠬᠤᠭᠤᠴᠠᠭᠠᠨ ᠳᠤ᠂ ᠤᠯᠠᠭᠠᠨᠮᠥ᠋ᠴᠢᠷ ᠤᠨ ᠭᠡᠰᠢᠭᠦᠳ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠪᠠᠶᠠᠷ ᠪᠠᠶᠠᠰᠤᠯ ᠢ ᠡᠭᠡᠯ ᠠᠷᠠᠳ ᠤᠨ ᠭᠡᠷ ᠲᠤ ᠬᠦᠷᠭᠡᠵᠦ᠂ ᠦᠨᠳᠦᠰᠦᠨ ᠱᠠᠲᠤᠨ ᠤ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠤᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠪᠠ᠃ᠲᠤᠰ ᠤᠳᠠᠭᠠᠨ ᠤ ᠲᠣᠭᠯᠠᠯᠲᠠ ᠨᠢ ᠴᠠᠭᠠᠨ ᠰᠠᠷ᠎ᠠ ᠶᠢᠨ ᠣᠨᠴᠠᠯᠢᠭ ᠢ ᠲᠤᠪᠤᠶᠢᠯᠭᠠᠵᠦ᠂ ᠤᠯᠠᠮᠵᠢᠯᠠᠯᠲᠤ ᠪᠠᠶᠠᠷ ᠤᠨ ᠡᠳᠦᠷ ᠢ ᠰᠢᠨ᠎ᠡ ᠬᠡᠪ ᠰᠤᠷᠲᠠᠯ ᠲᠠᠢ ᠤᠶᠠᠯᠳᠤᠭᠤᠯᠵᠤ᠂ ᠪᠣᠯᠪᠠᠰᠤᠨ ᠰᠢᠨ᠎ᠡ ᠬᠡᠪ ᠰᠤᠷᠲᠠᠯ ᠢ ᠪᠤᠢ ᠪᠣᠯᠭᠠᠵᠤ᠂ ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠥᠷᠭᠡᠨ ᠤᠯᠠᠨ ᠲᠦᠮᠡᠨ ᠤ ᠰᠣᠶᠣᠯ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠥᠷᠭᠡᠨ ᠤᠯᠠᠨ ᠲᠦᠮᠡᠨ ᠳᠤ ᠪᠠᠶᠠᠷ ᠪᠠᠶᠠᠰᠬᠤᠯᠠᠩ ᠲᠠᠢ ᠥᠯᠵᠡᠶᠢᠲᠦ ᠴᠠᠭᠠᠨ ᠰᠠᠷ᠎ᠠ ᠶᠢ ᠥᠩᠭᠡᠷᠡᠭᠦᠯᠬᠦ ᠳᠤ ᠬᠦᠴᠦᠨ ᠨᠡᠮᠡᠷᠢᠯᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号