ᠵᠧᠦ ᠵᠧᠨ ᠭᠤᠸᠠᠩ ᠳᠠᠭᠠᠭᠠᠴᠢᠯᠠᠨ ᠬᠤᠯᠪᠤᠭᠠᠯᠠᠭᠰᠠᠨ ᠨᠢᠭᠡᠴᠡ ᠶᠢ ᠳᠠᠭᠠᠭᠤᠯᠤᠨ ᠳᠡᠭᠡᠷ᠎ᠡ ᠲᠣᠬᠤᠢ ᠰᠢᠶᠠᠩ ᠳᠤ ᠬᠦᠷᠴᠦ ᠪᠠᠶᠢᠩᠭᠤ ᠶᠢᠨ ᠤᠷᠲᠤ ᠬᠤᠭᠤᠴᠠᠭᠠᠨ ᠤ ᠬᠦᠴᠦᠨ ᠲᠠᠢ ᠳᠠᠭᠠᠭᠠᠴᠢᠯᠠᠨ ᠬᠤᠯᠪᠣᠭᠠᠯᠠᠬᠤ ᠶᠢ ᠵᠣᠯᠭᠠᠭᠤᠯᠬᠤ ᠠᠵᠢᠯ ᠢ ᠶᠠᠪᠤᠭᠳᠠᠭᠤᠯᠵᠠᠢ
ᠨᠡᠶᠢᠲᠡᠯᠡᠭᠰᠡᠨ ᠴᠠᠭ᠄
2023/1/16
     1 ᠰᠠᠷ᠎ᠠ ᠶᠢᠨ 12  ᠤᠨ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠧᠦ ᠵᠧᠨ ᠭᠤᠸᠠᠩ 19  ᠳᠠᠭᠠᠭᠠᠴᠢᠯᠠᠨ ᠬᠤᠯᠪᠤᠭᠠᠯᠠᠭᠰᠠᠨ ᠨᠢᠭᠡᠴᠡ ᠶᠢ ᠳᠠᠭᠠᠭᠤᠯᠤᠨ ᠳᠡᠭᠡᠷ᠎ᠡ ᠲᠣᠬᠤᠢ ᠰᠢᠶᠠᠩ ᠳᠤ ᠬᠦᠷᠴᠦ ᠠᠵᠢᠯ ᠢᠶᠠᠨ ᠵᠣᠯᠭᠠᠭᠤᠯᠵᠤ᠂ ᠳᠠᠭᠠᠭᠠᠴᠢᠯᠠᠨ ᠬᠤᠯᠪᠤᠭᠠᠯᠠᠭᠰᠠᠨ ᠨᠢᠭᠡᠴᠡ ᠶᠢᠨ ᠤᠷᠳᠤ ᠬᠤᠭᠤᠴᠠᠭᠠᠨ ᠤ ᠪᠦᠲᠦᠮᠵᠢᠲᠡᠢ ᠭᠤᠣᠯᠳᠠᠯᠭ᠎ᠠ ᠲᠠᠢ ᠠᠵᠢᠯ ᠤᠨ ᠲᠣᠭᠲᠠᠴᠠ ᠶᠢ ᠴᠢᠨᠠᠭᠰᠢᠳᠠ ᠴᠢᠩᠭᠠᠳᠬᠠᠵᠤ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠦᠸᠧ ᠶᠦᠩ ᠵᠢᠴᠢ ᠡᠯ᠎ᠡ ᠳᠠᠭᠠᠭᠠᠴᠢᠯᠠᠨ ᠬᠤᠯᠪᠤᠭᠠᠯᠠᠭᠰᠠᠨ ᠨᠢᠭᠡᠴᠡ ᠶᠢᠨ ᠬᠠᠷᠢᠭᠤᠴᠠᠯᠭᠠᠲᠠᠳ ᠪᠠᠷ᠎ᠠ ᠪᠣᠯᠪᠠ᠃      ᠵᠧᠦ ᠵᠧᠨ ᠭᠤᠸᠠᠩ ᠨᠠᠷ ᠤᠷᠢᠳ ᠬᠤᠵᠢᠳ ᠳᠡᠭᠡᠷ᠎ᠡ ᠲᠣᠬᠤᠢ ᠰᠢᠶᠠᠩ ᠤᠨ ᠮᠠ ᠸᠠᠩ ᠮᠢᠶᠣᠣ ᠲᠣᠰᠬᠤᠨ ᠤ ᠨᠣᠬᠠᠢ ᠶᠢᠨ ᠬᠤᠰᠢᠭᠤ ᠶᠢᠨ ᠠᠵᠤ ᠦᠢᠯᠡᠰ ᠤᠨ ᠬᠦᠷᠢᠶᠡᠯᠡᠩ ᠤᠨ ᠰᠤᠩᠭᠤᠭᠰᠠᠨ ᠭᠠᠵᠠᠷ ᠪᠣᠯᠣᠨ ᠰᠠᠨ ᠵᠢᠶᠠᠨ ᠹᠠᠩ ᠲᠣᠰᠬᠤᠨ ᠤ ᠪᠦᠳᠦᠨ᠎ᠡ ᠶᠢᠨ ᠣᠨᠴᠠᠯᠢᠭᠲᠤ ᠲᠡᠵᠢᠭᠡᠨ ᠦᠷᠡᠵᠢᠭᠦᠯᠬᠦ ᠰᠠᠭᠤᠷᠢᠨ ᠳᠤ ᠬᠦᠷᠴᠦ᠂ ᠰᠢᠶᠠᠩ ᠤᠨ ᠤᠳᠤᠷᠢᠳᠤᠯᠭ᠎ᠠ ᠶᠢᠨ ᠲᠦᠷᠦᠯ ᠵᠦᠢᠯ ᠤᠨ ᠲᠤᠬᠠᠢ ᠲᠠᠨᠢᠯᠴᠠᠭᠤᠯᠭ᠎ᠠ ᠶᠢ ᠨᠠᠷᠢᠨ ᠰᠣᠨᠣᠰᠴᠠᠢ᠃      ᠲᠠᠷᠠᠭ᠎ᠠ ᠪᠠᠷ ᠨᠢ ᠰᠢᠶᠠᠩ ᠤᠨ ᠵᠠᠰᠠᠭ ᠤᠨ ᠣᠷᠳᠣᠨ ᠳᠤ ᠶᠠᠷᠢᠯᠴᠠᠬᠤ ᠬᠤᠷᠠᠯ ᠬᠢᠵᠦ᠂ ᠳᠡᠭᠡᠷ᠎ᠡ ᠲᠣᠬᠤᠢ ᠰᠢᠶᠠᠩ ᠤᠨ ᠨᠠᠮ ᠤᠨ ᠬᠤᠷᠢᠶᠠᠨ ᠤ ᠱᠦᠵᠢ ᠸᠧᠢ ᠹᠦ᠋ ᠯᠦᠩ ᠪᠦᠬᠦ ᠰᠢᠶᠠᠩ ᠤᠨ ᠦᠨᠳᠦᠰᠦᠨ ᠪᠠᠶᠢᠳᠠᠯ ᠢ ᠲᠠᠨᠢᠯᠴᠠᠭᠤᠯᠵᠤ᠂ ᠵᠠᠰᠠᠭ ᠤᠨ ᠣᠷᠳᠣᠨ ᠤ ᠰᠢᠶᠠᠩ ᠤᠨ ᠳᠠᠷᠤᠭ᠎ᠠ ᠸᠠᠩ ᠵᠢᠶᠦ᠋ᠨ 2023 ᠣᠨ ᠤ ᠰᠢᠶᠠᠩ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠦ᠂ ᠬᠠᠷᠢᠶ᠎ᠠ ᠣᠷᠣᠨ ᠤ ᠪᠠᠨ 16 ᠲᠤᠰᠬᠤᠨ ᠤ ᠠᠷᠠᠳ ᠤᠨ ᠵᠥᠪᠯᠡᠯ ᠤᠨ ᠬᠠᠷᠢᠭᠤᠴᠠᠯᠭᠠᠲᠠᠨ ᠠᠴᠠ ᠲᠤᠰ  ᠲᠤᠰᠬᠤᠨ ᠤ ᠪᠠᠨ ᠦᠨᠳᠦᠰᠦᠨ ᠪᠠᠶᠢᠳᠠᠯ ᠢ ᠨᠢᠭᠡᠳ ᠨᠢᠭᠡ ᠪᠠᠷ ᠲᠠᠨᠢᠯᠴᠠᠭᠤᠯᠪᠠ᠃      ᠡᠯ᠎ᠡ ᠳᠠᠭᠠᠭᠠᠴᠢᠯᠠᠯᠲᠠ ᠶᠢᠨ ᠨᠢᠭᠡᠴᠡ ᠶᠢᠨ ᠬᠢᠨ ᠴᠥᠮ ᠳᠡᠭᠡᠳᠦ ᠲᠤᠬᠠᠢ ᠰᠢᠶᠠᠩ ᠤᠨ ᠪᠠᠶᠢᠷᠢᠯᠠᠭᠤᠯᠤᠯᠲᠠ  ᠨᠢ ᠰᠠᠶᠢᠨ᠂ ᠲᠦᠷᠦᠯ ᠵᠦᠢᠯ ᠨᠢ ᠪᠣᠳᠠᠲᠠᠢ᠂ ᠳᠠᠷᠠᠭᠠᠴᠢ ᠶᠢᠨ ᠠᠯᠬᠤᠮ ᠤᠨ ᠳᠠᠭᠠᠭᠠᠴᠢᠯᠠᠯᠲᠠ ᠶᠢᠨ ᠠᠵᠢᠯ ᠨᠢ ᠲᠤᠰ ᠲᠤᠰ ᠤᠨ ᠨᠢᠭᠡᠴᠡ ᠶᠢᠨ ᠢᠶᠠᠨ ᠲᠤᠰ ᠪᠡᠶ᠎ᠡ ᠶᠢᠨ ᠳᠠᠪᠠᠭᠤᠯᠢᠭ ᠲᠠᠢ ᠪᠠᠨ ᠤᠶᠠᠯᠳᠤᠭᠤᠯᠵᠤ᠂ ᠨᠠᠷᠢᠨ ᠨᠢᠭᠲᠠ ᠬᠠᠪᠰᠤᠷᠤᠨ ᠲᠡᠳᠬᠦᠬᠦ ᠲᠥᠰᠥᠯ ᠲᠣᠭᠲᠠᠭᠠᠵᠤ᠂ ᠪᠡᠯᠡ ᠮᠥᠩᠭᠦ ᠪᠣᠯᠣᠨ ᠲᠦᠷᠦ ᠶᠢᠨ ᠪᠣᠳᠣᠯᠭ᠎ᠠ ᠶᠢᠨ ᠲᠠᠯ᠎ᠠ ᠪᠠᠷ ᠬᠠᠪᠰᠤᠷᠪᠠᠯ ᠵᠣᠬᠢᠬᠤ ᠶᠢ ᠨᠢ ᠴᠢᠳᠠᠬᠤ ᠶᠢᠨ ᠬᠢᠷᠢ ᠪᠠᠷ ᠬᠠᠪᠰᠤᠷᠴᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠨ᠎ᠠ ᠭᠡᠵᠦ ᠢᠯᠡᠳᠬᠡᠵᠡᠢ᠃      ᠵᠧᠦ ᠵᠧᠨ ᠭᠤᠸᠠᠩ ᠵᠢᠭᠠᠵᠤ ᠭᠠᠷᠭᠠᠭᠰᠠᠨ ᠨᠢ᠂ ᠡᠯ᠎ᠡ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠶᠢᠨ ᠬᠢᠨ ᠬᠠᠪᠰᠤᠷᠤᠨ ᠲᠡᠳᠬᠦᠬᠦ ᠭᠤᠣᠯᠳᠠᠯᠭ᠎ᠠ᠂ ᠬᠠᠪᠰᠤᠷᠤᠨ ᠲᠡᠳᠬᠦᠬᠦ ᠬᠦᠷᠢᠶ᠎ᠡ ᠪᠠᠨ ᠲᠣᠳᠣᠷᠬᠠᠶᠢᠯᠠᠵᠤ᠂ ᠬᠠᠪᠰᠤᠷᠤᠨ ᠲᠡᠳᠬᠦᠬᠦ ᠡᠲᠡᠭᠡᠳ ᠤᠨ ᠳᠠᠪᠠᠭᠤᠯᠢᠭ ᠪᠣᠯᠣᠨ ᠣᠨᠴᠠᠯᠢᠭ ᠢ ᠦᠨᠳᠦᠰᠦᠯᠡᠨ᠂ ᠥᠪᠡᠷᠮᠢᠴᠡ ᠣᠨᠴᠠᠯᠢᠭ ᠲᠠᠢ ᠬᠠᠪᠰᠤᠷᠤᠨ ᠲᠡᠳᠬᠦᠬᠦ ᠲᠥᠯᠥᠪᠯᠡᠭᠡ ᠶᠢ ᠰᠠᠶᠢᠲᠤᠷ ᠬᠢᠵᠦ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠡᠯ᠎ᠡ ᠲᠣᠰᠬᠤᠨ ᠤ ᠬᠢᠨ ᠬᠥᠭᠵᠢᠯᠲᠡ ᠶᠢᠨ ᠴᠢᠭᠯᠡᠯ ᠪᠣᠯᠣᠨ ᠰᠡᠳᠬᠢᠴᠡ ᠪᠠᠨ ᠲᠣᠳᠣᠷᠬᠠᠶᠢᠯᠠᠵᠤ᠂ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠬᠠᠮᠲᠤᠪᠠᠷ ᠠᠬᠢᠭᠤᠯᠵᠤ᠂ ᠤᠯᠠᠨ ᠲᠦᠮᠡᠨ ᠤ ᠬᠦᠴᠢᠷᠳᠡᠯ ᠪᠣᠯᠣᠨ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号