| | 1 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠦᠴᠦᠸᠠᠨ | ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 82 ᠳ᠋ᠤᠭᠠᠷ ᠬᠤᠷᠠᠯ ᠢ | ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ᠂ ᠲᠥᠪ ᠤᠨ ᠬᠥᠳᠡᠭᠡ | ᠲᠣᠰᠬᠤᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ | ᠰᠢ ᠶᠢᠨ ᠫᠢᠩ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠳᠤ ᠥᠭᠭᠦᠭᠰᠡᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽2023 | ᠣᠨ ᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ | ᠲᠤᠬᠠᠢ ᠮᠡᠳᠡᠭᠳᠡᠯ︾ ᠵᠢᠴᠢ ᠪᠥᠬᠦ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠬᠤ ᠶᠢᠨ ᠬᠠᠮᠲᠤ ᠮᠠᠨ ᠤ ᠰᠢᠶᠠᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠪᠠ᠃ | ᠬᠤᠷᠠᠯ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠤᠯᠤᠰ ᠲᠦᠷᠦ ᠶᠢᠨ ᠲᠣᠪᠴᠢᠶᠠᠨ ᠤ | ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠣᠶᠢᠯᠠᠭᠠᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ | ᠭᠦᠨᠵᠡᠭᠡᠢ ᠣᠶᠢᠯᠠᠭᠠᠵᠤ᠂ ᠨᠠᠮ ᠤᠨ ᠤᠨᠤᠯ ᠤᠨ ᠰᠢᠨ᠎ᠡ ᠡᠭᠦᠳᠦᠯᠲᠡ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ | ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠮᠠᠨ ᠤ ᠰᠢᠶᠠᠨ ᠳᠤ ᠨᠠᠶᠢᠳᠠᠪᠤᠷᠢᠵᠢᠭᠤᠯᠬᠤ ᠶᠢ ᠡᠷᠡᠰ | ᠭᠤᠶᠢᠪᠢᠰᠢ ᠦᠭᠡᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃2022 ᠣᠨ ᠤ ᠠᠷᠠᠳᠴᠢᠯᠠᠯ ᠤᠨ | ᠠᠮᠢᠳᠤᠷᠠᠯ ᠤᠨ ᠬᠤᠷᠠᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠰᠠᠶᠢᠲᠤᠷ ᠬᠤᠷᠠᠯᠳᠤᠭᠤᠯᠵᠤ᠂ ᠰᠢᠶᠠᠨ ᠤ | ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠨᠢᠭᠲᠠᠷᠠᠯ ᠤᠨ ᠬᠦᠴᠦᠨ᠂ ᠲᠠᠶᠢᠴᠢᠨ | ᠬᠦᠴᠦᠨ᠂ ᠲᠥᠪᠯᠡᠩᠭᠦᠢ ᠬᠦᠴᠦᠨ ᠢ ᠲᠠᠰᠤᠷᠠᠯᠳᠡ ᠦᠭᠡᠢ ᠴᠢᠩᠭᠠᠳᠬᠠᠵᠤ᠂ ᠡᠭᠦᠨ ᠤ ᠤᠯᠠᠮ ᠢᠶᠠᠷ ᠪᠦᠬᠦ ᠰᠢᠶᠠᠨ ᠤ | ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠰᠠᠶᠢᠲᠤᠷ ᠳᠠᠭᠠᠭᠤᠯᠵᠤ᠂ ᠦᠯᠢᠬᠡᠷ ᠳᠠᠭᠤᠷᠢᠶᠠᠯ ᠪᠣᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ ᠱᠠᠭᠠᠷᠳᠠᠭᠰᠠᠨ ᠨᠢ᠂ ᠪᠦᠬᠦ ᠰᠢᠶᠠᠨ ᠢᠶᠠᠷ ᠢᠶᠠᠨ ᠲᠥᠪ ᠤᠨ ᠬᠥᠳᠡᠭᠡ ᠲᠣᠰᠬᠤᠨ ᠤ ᠠᠵᠢᠯ ᠤᠨ | ᠬᠤᠷᠠᠯ ᠤᠨ ᠵᠣᠷᠢᠭ ᠰᠠᠨᠠᠭ᠎ᠠ ᠪᠠᠷ ᠤᠳᠤᠷᠢᠳᠤᠮᠵᠢ ᠪᠣᠯᠭᠠᠵᠤ᠂ ᠤᠯᠤᠰ ᠲᠥᠷᠥ ᠶᠢ ᠡᠷᠬᠢᠮᠯᠡᠬᠦ ᠳᠡᠭᠡᠳᠦ | ᠬᠡᠮᠵᠢᠶᠡᠨ ᠠᠴᠠ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ | ᠲᠠᠢ ᠦᠨᠡᠨᠬᠦ ᠨᠢᠭᠡᠳᠬᠡᠵᠦ᠂ ᠮᠠᠨ ᠤ ᠰᠢᠶᠠᠨ ᠤ ᠪᠣᠳᠠᠲᠠᠢ ᠲᠠᠢ ᠤᠶᠠᠯᠳᠤᠭᠤᠯᠤᠨ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ | ᠲᠠᠯ᠎ᠠ ᠪᠠᠷ ᠠᠬᠢᠭᠤᠯᠵᠤ᠂ ᠥᠨᠳᠦᠷᠯᠢᠭ ᠤᠨ ᠣᠨᠴᠠᠯᠢᠭᠲᠤ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠢ | ᠦᠷᠭᠦᠯᠵᠢᠯᠡᠨ ᠬᠥᠭᠵᠢᠭᠦᠯᠵᠦ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠶᠡᠬᠡᠪᠡᠷ | ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠦᠨ ᠥᠷᠭᠡᠳᠬᠡᠬᠦ ᠶᠢ ᠠᠳᠬᠤᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠢ ᠭᠡᠪᠡ᠃ | ᠬᠤᠷᠠᠯ ᠠᠴᠠ ᠱᠠᠭᠠᠷᠳᠠᠭᠰᠠᠨ ᠨᠢ᠂ ᠪᠦᠬᠦ ᠰᠢᠶᠠᠨ ᠢᠶᠠᠷ ᠢᠶᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ | ᠰᠢᠨ᠎ᠡ ᠱᠠᠲᠤ ᠦᠶ᠎ᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠤᠬᠠᠢ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ︽ᠬᠥᠬᠡᠭᠴᠢᠨ ᠲᠥᠷᠥᠯ ᠤᠨ | ᠬᠥᠬᠡᠭᠴᠢᠨ ᠬᠠᠮᠢᠶᠠᠷᠤᠯᠲᠠ︾ ᠶᠢᠨ ᠶᠡᠷᠦᠩᠬᠡᠢ ᠲᠥᠰᠥᠯ ᠤᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ | ᠡᠮᠴᠢᠯᠡᠭᠡᠨ ᠤ ᠠᠪᠤᠷᠠᠨ ᠵᠠᠰᠠᠬᠤ᠂ ᠡᠮ ᠬᠡᠷᠡᠭᠯᠡᠬᠦ ᠬᠡᠷᠡᠭᠴᠡᠭᠡ᠂ ᠭᠤᠣᠯᠳᠠᠯᠭ᠎ᠠ ᠲᠠᠢ ᠬᠥᠮᠥᠰ᠂ ᠭᠤᠣᠯᠳᠠᠯᠭ᠎ᠠ ᠲᠠᠢ | ᠬᠦᠷᠢᠶ᠎ᠡ ᠴᠠᠷᠠᠭ᠎ᠠ᠂ ᠸᠠᠺᠼᠢᠨ ᠤ ᠲᠠᠷᠢᠯᠭ᠎ᠠ ᠵᠡᠷᠭᠡ ᠠᠵᠢᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠡᠳ᠋ ᠪᠣᠳᠠᠰ᠂ ᠲᠥᠬᠦᠭᠡᠷᠦᠮᠵᠢ᠂ ᠠᠵᠢᠯᠲᠠᠨ ᠤ ᠮᠡᠷᠭᠡᠵᠢᠯ ᠵᠡᠷᠭᠡ ᠲᠠᠯ᠎ᠠ ᠶᠢᠨ ᠳᠤᠲᠠᠭᠤᠳᠠᠯ ᠪᠠᠭᠤᠷᠠᠢ ᠲᠠᠯ᠎ᠠ ᠶᠢ | ᠨᠥᠬᠦᠪᠦᠷᠢᠯᠡᠵᠦ᠂ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠴᠢᠳᠠᠪᠤᠷᠢ ᠪᠠ ᠠᠪᠤᠷᠠᠨ ᠵᠠᠰᠠᠬᠤ ᠬᠢᠷᠢ | ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠪᠣᠯᠣᠨ | ᠲᠣᠰᠬᠤᠨ ᠤ ᠡᠮᠴᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠠᠭᠤᠷᠢ ᠡᠪᠡᠳᠴᠢᠨ ᠲᠠᠢ ᠤᠯᠠᠨ ᠲᠦᠮᠡᠨ ᠢ ᠴᠠᠭ | ᠲᠤᠬᠠᠢ ᠳᠤᠨᠢ ᠬᠥᠲᠥᠯᠥᠨ ᠵᠢᠯᠤᠭᠤᠳᠴᠤ ᠪᠠᠶᠢᠭᠠᠳ ᠡᠷᠲᠡ ᠠᠴᠠ ᠢᠯᠡᠷᠡᠭᠦᠯᠵᠦ᠂ ᠡᠷᠲᠡ ᠠᠴᠠ ᠣᠷᠣᠯᠴᠠᠵᠤ᠂ | ᠡᠷᠲᠡ ᠠᠴᠠ ᠤᠷᠢᠳᠴᠢᠯᠠᠨ ᠮᠠᠭᠠᠳᠯᠠᠵᠤ᠂ ᠡᠷᠲᠡ ᠠᠴᠠ ᠡᠮᠨᠡᠨ ᠵᠠᠰᠠᠭᠤᠯᠬᠤ ᠬᠡᠷᠡᠭᠲᠡᠢ᠃ᠦᠨᠳᠦᠰᠦᠨ ᠱᠠᠲᠤᠨ ᠤ | ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠵᠤ᠂ ᠣᠯᠠᠨ | ᠲᠦᠮᠡᠨ ᠤ ᠡᠮ ᠬᠤᠳᠠᠯᠳᠤᠨ ᠠᠪᠬᠤ ᠦᠨᠳᠦᠰᠦᠨ ᠬᠡᠷᠡᠭᠴᠡᠭᠡ ᠶᠢ ᠪᠥᠬᠦ ᠲᠠᠯ᠎ᠠ ᠪᠠᠷ ᠪᠠᠲᠤᠯᠠᠬᠤ ᠬᠡᠷᠡᠭᠲᠡᠢ᠃ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨᠴᠢ ᠪᠠᠷ | ᠰᠡᠷᠭᠡᠶᠢᠯᠡᠨ ᠬᠠᠮᠠᠭᠠᠯᠠᠬᠤ ᠮᠡᠳᠡᠯᠭᠡ ᠶᠢ ᠲᠦᠭᠡᠮᠡᠯᠵᠢᠭᠦᠯᠦᠨ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ | ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠲᠠᠢ ᠪᠣᠯᠭᠠᠵᠤ᠂ ᠥᠪᠡᠷ ᠢ ᠪᠠᠨ ᠬᠠᠮᠠᠭᠠᠯᠠᠬᠤ ᠤᠬᠠᠮᠰᠠᠷ ᠢ ᠨᠢ | ᠴᠢᠩᠭᠠᠷᠠᠭᠤᠯᠤᠨ᠂ ᠥᠪᠡᠷ ᠤᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠪᠣᠯᠬᠤ ᠬᠡᠷᠡᠭᠲᠡᠢ ᠭᠡᠪᠡ᠃ | ᠬᠤᠷᠠᠯ ᠠᠴᠠ ᠱᠠᠭᠠᠷᠳᠠᠭᠰᠠᠨ ᠨᠢ᠂ ᠪᠦᠬᠦ ᠰᠢᠶᠠᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ | ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ | ᠲᠣᠭᠲᠠᠪᠤᠷᠢᠵᠢᠭᠤᠯᠬᠤ᠂ ᠠᠶᠤᠯᠭᠦᠢ ᠦᠢᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠬᠦ᠂ ᠬᠦᠴᠢᠷᠳᠡᠯᠲᠡᠢ | ᠬᠥᠮᠥᠰ ᠢ ᠠᠪᠤᠷᠠᠨ ᠲᠤᠰᠠᠯᠠᠬᠤ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠯᠠᠨ ᠲᠦᠮᠡᠨ ᠤ | ᠪᠠᠶᠠᠷ ᠪᠠᠶᠠᠰᠬᠤᠯᠠᠩ ᠲᠠᠢ ᠥᠯᠵᠡᠢ ᠪᠡᠯᠭᠡ ᠲᠠᠢ ᠪᠠᠶᠠᠷ ᠤᠨ ᠡᠳᠦᠷ ᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠪᠡ᠃ | ᠬᠤᠷᠠᠯ ᠠᠴᠠ ᠪᠠᠰᠠ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ᠂ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ᠂ ᠰᠢᠶᠠᠨ ᠤ | ᠰᠢᠭᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ᠂ ᠰᠢᠶᠠᠨ ᠤ ᠪᠠᠶᠢᠴᠠᠭᠠᠬᠤ ᠬᠤᠷᠢᠶᠠᠨ ᠤ ᠨᠠᠮ ᠤᠨ | ᠤᠳᠤᠷᠢᠳᠬᠤ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ︵ᠯᠢᠦᠢ ᠫᠢᠩ ᠫᠢᠩ᠂ ᠯᠢᠦ ᠰᠢᠶᠣᠣ ᠴᠢᠶᠠᠩ︶ | | | |