ᠦᠴᠦᠸᠠᠨ ᠰᠢᠶᠠᠨ ᠤ ᠠᠵᠢᠯᠴᠢᠨ ᠤ ᠶᠡᠷᠦᠩᠬᠡᠢ ᠡᠪᠯᠡᠯ ︽ᠬᠤᠶᠠᠷ ᠪᠠᠶᠠᠷ︾ ᠤᠨ ᠬᠤᠭᠤᠴᠠᠭᠠᠨ ᠳᠤ ᠬᠠᠯᠠᠭᠤᠨ ᠳᠤᠯᠠᠭᠠᠨ ᠬᠦᠷᠭᠡᠵᠣ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/1/16
     ᠴᠠᠭᠠᠨ ᠰᠠᠷ᠎ᠠ ᠣᠶᠢᠷᠠᠳᠴᠤ ᠪᠠᠶᠢᠭ᠎ᠠ ᠲᠠᠰᠢᠷᠠᠮ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ   ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠪᠣᠯᠣᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ   ᠶᠢ ᠠᠵᠢᠯᠲᠠᠨ ᠠᠵᠢᠯᠴᠢᠨ ᠣᠯᠠᠨ ᠲᠦᠮᠡᠨ ᠤ ᠰᠡᠳᠬᠢᠯ ᠳᠤ ᠦᠨᠡᠨᠬᠦ ᠬᠦᠷᠭᠡᠬᠦ ᠶᠢᠨ ᠲᠤᠯᠠᠳᠠ᠂1 ᠰᠠᠷ᠎ᠠ ᠶᠢᠨ 13 ᠤ ᠡᠳᠦᠷ᠂ ᠦᠴᠦᠸᠠᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠰᠢᠩ ᡁᠢ ᠾᠧᠩ᠂ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠳᠡᠳ᠋ ᠲᠡᠷᠢᠭᠦᠯᠡᠭᠴᠢ ᠰᠢᠦᠢ ᠴᠦᠨ ᡁᠢ᠂ ᠲᠤᠰᠢᠶᠠᠯ ᠬᠠᠪᠰᠤᠷᠭᠠᠭᠰᠠᠨ ᠳᠡᠳ᠋ ᠲᠡᠷᠢᠭᠦᠯᠡᠭᠴᠢ ᠬᠠᠨ ᠴᠧᠩ ᠰᠢᠩ ᠨᠠᠷ ᠳᠠᠭᠠᠭᠠᠴᠢᠯᠠᠨ ᠬᠤᠯᠪᠤᠭᠠᠯᠠᠭᠰᠠᠨ ᠲᠤᠰᠬᠤᠨ ᠤ ᠠᠷᠠᠳ ᠤᠨ ᠵᠥᠪᠯᠡᠯ ᠪᠣᠯᠣᠨ ᠬᠦᠴᠢᠷᠳᠡᠯ ᠲᠠᠢ ᠠᠵᠤ ᠠᠬᠤᠶᠢᠯᠠᠯ ᠳᠤ ᠬᠦᠷᠴᠦ ᠲᠣᠬᠤᠨᠢᠭᠤᠯᠪᠠ᠃      ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠲᠣᠬᠤᠨᠢᠭᠤᠯᠬᠤ ᠳᠤᠭᠤᠶᠢᠯᠠᠩ ᠤᠨ ᠬᠢᠨ ᠡᠩ ᠲᠡᠷᠢᠭᠦᠨ ᠳᠤ ᠳᠠᠭᠠᠭᠠᠴᠢᠯᠠᠨ ᠬᠤᠯᠪᠤᠭᠠᠯᠠᠭᠰᠠᠨ ᠳ᠋ᠢᠩ ᠰᠢᠶᠠᠩ ᠶᠢᠩ ᠲᠣᠰᠬᠤᠨ ᠳᠤ ᠬᠦᠷᠴᠦ᠂ ᠶᠠᠳᠠᠭᠤ ᠬᠦᠴᠢᠷᠳᠡᠯᠲᠡᠢ ᠬᠥᠯᠥᠰᠦᠨ ᠠᠵᠢᠯᠴᠢᠨ᠂ ᠵᠠᠬ᠎ᠠ ᠬᠢᠵᠠᠭᠠᠷ ᠤᠨ ᠡᠷᠦᠭᠡ ᠪᠠ ᠥᠨᠥᠴᠢᠨ ᠪᠡᠯᠪᠡᠰᠦᠨ ᠨᠠᠰᠤᠲᠠᠨ᠂ ᠥᠨᠥᠴᠢᠨ ᠥᠷᠥᠭᠡᠰᠦᠨ ᠭᠡᠷ ᠪᠦᠯᠢ ᠶᠢᠨ ᠨᠡᠶᠢᠳᠡ 62 ᠬᠥᠮᠥᠨ ᠢ ᠲᠣᠬᠤᠨᠢᠭᠤᠯᠵᠠᠢ᠃0 .6 ᠲᠦᠮᠡ ᠭᠠᠷᠤᠢ ᠲᠥᠭᠦᠷᠢᠭ ᠤᠨ ᠦᠷᠲᠡᠭ ᠪᠥᠬᠦᠢ ᠲᠣᠬᠤᠨᠢᠭᠤᠯᠬᠤ ᠪᠣᠳᠠᠰ ᠪᠠ ᠬᠤᠣᠰ ᠤᠶᠠᠩᠭ᠎ᠠ ᠲᠠᠷᠬᠠᠭᠠᠪᠠ᠃      ᠳᠠᠷᠠᠭ᠎ᠠ ᠨᠢ ᠲᠣᠬᠤᠨᠢᠭᠤᠯᠬᠤ ᠳᠤᠭᠤᠶᠢᠯᠠᠩ ᠤᠨ ᠬᠢᠨ ᠥᠪᠥᠷ ᠮᠣᠩᠭᠤᠯ ᠤᠨ ᠲᠠᠯ᠎ᠠ ᠶᠢᠨ ᠳᠤᠷᠠᠰᠤᠮᠵᠢ ᠵᠢᠭᠤᠯᠴᠢᠯᠠᠯ ᠰᠣᠶᠣᠯ ᠤᠨ ᠬᠤᠪᠢ ᠡᠵᠡᠮᠳᠡᠬᠦ ᠪᠦᠯᠦᠭᠯᠡᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠴᠤᠸᠠᠨ ᠪᠦᠦ ᠪᠣᠬᠢᠷᠳᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ᠂ ᠬᠥᠬᠡᠬᠤᠲᠠ ᠶᠢᠨ ᠠᠨ ᠪᠠᠩ ᠠᠮᠤᠷ ᠢ ᠬᠠᠮᠠᠭᠠᠯᠠᠬᠤ ᠦᠢᠯᠡᠴᠢᠯᠡᠭᠡᠨ ᠤ ᠺᠣᠮᠫᠠᠨᠢ᠂ ᠥᠪᠥᠷ ᠮᠣᠩᠭᠤᠯ ᠤᠨ ᠱᠤ᠋ ᠶᠤᠸᠠᠨ ᠺᠠᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᡁᠢ ᠰᠢᠨ ᠪᠠᠷᠢᠯᠭ᠎ᠠ ᠶᠢᠨ ᠬᠢᠵᠠᠭᠠᠷᠲᠤ ᠺᠣᠮᠫᠠᠨᠢ ᠵᠡᠷᠭᠡ 6 ᠠᠵᠤ ᠠᠬᠤᠶᠢᠯᠠᠯ ᠳᠤ ᠬᠦᠷᠴᠦ ᠲᠣᠬᠤᠨᠢᠭᠤᠯᠪᠠ᠂ ᠡᠭᠦᠨ ᠳᠤ ᠠᠵᠢᠯ ᠣᠯᠭᠤᠯᠲᠠ ᠶᠢᠨ ᠬᠡᠯᠪᠡᠷᠢ ᠶᠢᠨ ᠰᠢᠨ᠎ᠡ ᠠᠵᠤ ᠠᠬᠤᠶᠢᠯᠠᠯ ᠬᠤᠶᠠᠷ ᠪᠣᠶ᠃ᠨᠡᠶᠢᠲᠡ 5 ᠲᠦᠮᠡᠨ ᠲᠥᠭᠦᠷᠢᠭ ᠤᠨ ᠲᠣᠬᠤᠨᠢᠭᠤᠯᠬᠤ ᠮᠥᠩᠭᠦ ᠲᠠᠷᠬᠠᠭᠠᠵᠠᠢ᠃      ᠵᠠᠯᠭᠠᠭᠠᠳ᠂ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠦᠴᠢᠷᠳᠡᠯᠲᠡᠢ ᠠᠵᠤ ᠠᠬᠤᠶᠢᠯᠠᠯ ᠢ ᠬᠠᠯᠠᠮᠵᠢᠯᠠᠨ ᠬᠠᠶᠢᠷᠠᠯᠠᠵᠤ ᠦᠢᠯᠡᠴᠢᠯᠡᠬᠦ ᠪᠠ ᠬᠦᠴᠢᠷᠳᠡᠯᠲᠡᠢ ᠠᠵᠢᠯᠲᠠᠨ ᠠᠵᠢᠯᠴᠢᠨ ᠣᠯᠠᠨ ᠲᠦᠮᠡᠨ ᠢ ᠬᠠᠪᠰᠤᠷᠤᠨ ᠲᠡᠳᠬᠦᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ︽ᠬᠥᠭᠦᠷᠭᠡ︾ ︽ᠬᠤᠯᠪᠣᠭᠠᠰᠤ︾ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号