| | | 1 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ | ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠧᠦ ᠵᠧᠨ ᠭᠤᠸᠠᠩ 19 ᠳᠠᠭᠠᠭᠠᠴᠢᠯᠠᠨ ᠬᠤᠯᠪᠤᠭᠠᠯᠠᠭᠰᠠᠨ | ᠨᠢᠭᠡᠴᠡ ᠶᠢ ᠳᠠᠭᠠᠭᠤᠯᠤᠨ ᠳᠡᠭᠡᠷ᠎ᠡ ᠲᠣᠬᠤᠢ ᠰᠢᠶᠠᠩ ᠳᠤ ᠬᠦᠷᠴᠦ ᠠᠵᠢᠯ ᠢᠶᠠᠨ ᠵᠣᠯᠭᠠᠭᠤᠯᠵᠤ᠂ ᠳᠠᠭᠠᠭᠠᠴᠢᠯᠠᠨ | ᠬᠤᠯᠪᠤᠭᠠᠯᠠᠭᠰᠠᠨ ᠨᠢᠭᠡᠴᠡ ᠶᠢᠨ ᠤᠷᠳᠤ ᠬᠤᠭᠤᠴᠠᠭᠠᠨ ᠤ ᠪᠦᠲᠦᠮᠵᠢᠲᠡᠢ ᠭᠤᠣᠯᠳᠠᠯᠭ᠎ᠠ ᠲᠠᠢ ᠠᠵᠢᠯ ᠤᠨ | ᠲᠣᠭᠲᠠᠴᠠ ᠶᠢ ᠴᠢᠨᠠᠭᠰᠢᠳᠠ ᠴᠢᠩᠭᠠᠳᠬᠠᠵᠤ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ | ᠰᠦᠸᠧ ᠶᠦᠩ ᠵᠢᠴᠢ ᠡᠯ᠎ᠡ ᠳᠠᠭᠠᠭᠠᠴᠢᠯᠠᠨ ᠬᠤᠯᠪᠤᠭᠠᠯᠠᠭᠰᠠᠨ ᠨᠢᠭᠡᠴᠡ ᠶᠢᠨ ᠬᠠᠷᠢᠭᠤᠴᠠᠯᠭᠠᠲᠠᠳ ᠪᠠᠷ᠎ᠠ ᠪᠣᠯᠪᠠ᠃ | ᠵᠧᠦ ᠵᠧᠨ ᠭᠤᠸᠠᠩ ᠨᠠᠷ ᠤᠷᠢᠳ ᠬᠤᠵᠢᠳ ᠳᠡᠭᠡᠷ᠎ᠡ ᠲᠣᠬᠤᠢ ᠰᠢᠶᠠᠩ ᠤᠨ ᠮᠠ ᠸᠠᠩ ᠮᠢᠶᠣᠣ ᠲᠣᠰᠬᠤᠨ ᠤ | ᠨᠣᠬᠠᠢ ᠶᠢᠨ ᠬᠤᠰᠢᠭᠤ ᠶᠢᠨ ᠠᠵᠤ ᠦᠢᠯᠡᠰ ᠤᠨ ᠬᠦᠷᠢᠶᠡᠯᠡᠩ ᠤᠨ ᠰᠤᠩᠭᠤᠭᠰᠠᠨ ᠭᠠᠵᠠᠷ ᠪᠣᠯᠣᠨ ᠰᠠᠨ ᠵᠢᠶᠠᠨ ᠹᠠᠩ | ᠲᠣᠰᠬᠤᠨ ᠤ ᠪᠦᠳᠦᠨ᠎ᠡ ᠶᠢᠨ ᠣᠨᠴᠠᠯᠢᠭᠲᠤ ᠲᠡᠵᠢᠭᠡᠨ ᠦᠷᠡᠵᠢᠭᠦᠯᠬᠦ ᠰᠠᠭᠤᠷᠢᠨ ᠳᠤ ᠬᠦᠷᠴᠦ᠂ ᠰᠢᠶᠠᠩ ᠤᠨ | ᠤᠳᠤᠷᠢᠳᠤᠯᠭ᠎ᠠ ᠶᠢᠨ ᠲᠦᠷᠦᠯ ᠵᠦᠢᠯ ᠤᠨ ᠲᠤᠬᠠᠢ ᠲᠠᠨᠢᠯᠴᠠᠭᠤᠯᠭ᠎ᠠ ᠶᠢ ᠨᠠᠷᠢᠨ ᠰᠣᠨᠣᠰᠴᠠᠢ᠃ | ᠲᠠᠷᠠᠭ᠎ᠠ ᠪᠠᠷ ᠨᠢ ᠰᠢᠶᠠᠩ ᠤᠨ ᠵᠠᠰᠠᠭ ᠤᠨ ᠣᠷᠳᠣᠨ ᠳᠤ ᠶᠠᠷᠢᠯᠴᠠᠬᠤ ᠬᠤᠷᠠᠯ ᠬᠢᠵᠦ᠂ ᠳᠡᠭᠡᠷ᠎ᠡ ᠲᠣᠬᠤᠢ | ᠰᠢᠶᠠᠩ ᠤᠨ ᠨᠠᠮ ᠤᠨ ᠬᠤᠷᠢᠶᠠᠨ ᠤ ᠱᠦᠵᠢ ᠸᠧᠢ ᠹᠦ᠋ ᠯᠦᠩ ᠪᠦᠬᠦ ᠰᠢᠶᠠᠩ ᠤᠨ ᠦᠨᠳᠦᠰᠦᠨ ᠪᠠᠶᠢᠳᠠᠯ ᠢ | ᠲᠠᠨᠢᠯᠴᠠᠭᠤᠯᠵᠤ᠂ ᠵᠠᠰᠠᠭ ᠤᠨ ᠣᠷᠳᠣᠨ ᠤ ᠰᠢᠶᠠᠩ ᠤᠨ ᠳᠠᠷᠤᠭ᠎ᠠ ᠸᠠᠩ ᠵᠢᠶᠦ᠋ᠨ 2023 ᠣᠨ ᠤ ᠰᠢᠶᠠᠩ ᠤᠨ | ᠭᠤᠣᠯᠳᠠᠯᠭ᠎ᠠ ᠲᠠᠢ ᠲᠦᠷᠦᠯ ᠵᠦᠢᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠦ᠂ ᠬᠠᠷᠢᠶ᠎ᠠ ᠣᠷᠣᠨ ᠤ ᠪᠠᠨ 16 | ᠲᠤᠰᠬᠤᠨ ᠤ ᠠᠷᠠᠳ ᠤᠨ ᠵᠥᠪᠯᠡᠯ ᠤᠨ ᠬᠠᠷᠢᠭᠤᠴᠠᠯᠭᠠᠲᠠᠨ ᠠᠴᠠ ᠲᠤᠰ ᠲᠤᠰᠬᠤᠨ ᠤ ᠪᠠᠨ ᠦᠨᠳᠦᠰᠦᠨ ᠪᠠᠶᠢᠳᠠᠯ ᠢ | ᠨᠢᠭᠡᠳ ᠨᠢᠭᠡ ᠪᠠᠷ ᠲᠠᠨᠢᠯᠴᠠᠭᠤᠯᠪᠠ᠃ | ᠡᠯ᠎ᠡ ᠳᠠᠭᠠᠭᠠᠴᠢᠯᠠᠯᠲᠠ ᠶᠢᠨ ᠨᠢᠭᠡᠴᠡ ᠶᠢᠨ ᠬᠢᠨ ᠴᠥᠮ ᠳᠡᠭᠡᠳᠦ ᠲᠤᠬᠠᠢ ᠰᠢᠶᠠᠩ ᠤᠨ ᠪᠠᠶᠢᠷᠢᠯᠠᠭᠤᠯᠤᠯᠲᠠ | ᠨᠢ ᠰᠠᠶᠢᠨ᠂ ᠲᠦᠷᠦᠯ ᠵᠦᠢᠯ ᠨᠢ ᠪᠣᠳᠠᠲᠠᠢ᠂ ᠳᠠᠷᠠᠭᠠᠴᠢ ᠶᠢᠨ ᠠᠯᠬᠤᠮ ᠤᠨ ᠳᠠᠭᠠᠭᠠᠴᠢᠯᠠᠯᠲᠠ ᠶᠢᠨ ᠠᠵᠢᠯ ᠨᠢ ᠲᠤᠰ | ᠲᠤᠰ ᠤᠨ ᠨᠢᠭᠡᠴᠡ ᠶᠢᠨ ᠢᠶᠠᠨ ᠲᠤᠰ ᠪᠡᠶ᠎ᠡ ᠶᠢᠨ ᠳᠠᠪᠠᠭᠤᠯᠢᠭ ᠲᠠᠢ ᠪᠠᠨ ᠤᠶᠠᠯᠳᠤᠭᠤᠯᠵᠤ᠂ ᠨᠠᠷᠢᠨ ᠨᠢᠭᠲᠠ | ᠬᠠᠪᠰᠤᠷᠤᠨ ᠲᠡᠳᠬᠦᠬᠦ ᠲᠥᠰᠥᠯ ᠲᠣᠭᠲᠠᠭᠠᠵᠤ᠂ ᠪᠡᠯᠡ ᠮᠥᠩᠭᠦ ᠪᠣᠯᠣᠨ ᠲᠦᠷᠦ ᠶᠢᠨ ᠪᠣᠳᠣᠯᠭ᠎ᠠ ᠶᠢᠨ ᠲᠠᠯ᠎ᠠ ᠪᠠᠷ | ᠬᠠᠪᠰᠤᠷᠪᠠᠯ ᠵᠣᠬᠢᠬᠤ ᠶᠢ ᠨᠢ ᠴᠢᠳᠠᠬᠤ ᠶᠢᠨ ᠬᠢᠷᠢ ᠪᠠᠷ ᠬᠠᠪᠰᠤᠷᠴᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠨ᠎ᠠ ᠭᠡᠵᠦ | ᠢᠯᠡᠳᠬᠡᠵᠡᠢ᠃ | ᠵᠧᠦ ᠵᠧᠨ ᠭᠤᠸᠠᠩ ᠵᠢᠭᠠᠵᠤ ᠭᠠᠷᠭᠠᠭᠰᠠᠨ ᠨᠢ᠂ ᠡᠯ᠎ᠡ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠶᠢᠨ ᠬᠢᠨ | ᠬᠠᠪᠰᠤᠷᠤᠨ ᠲᠡᠳᠬᠦᠬᠦ ᠭᠤᠣᠯᠳᠠᠯᠭ᠎ᠠ᠂ ᠬᠠᠪᠰᠤᠷᠤᠨ ᠲᠡᠳᠬᠦᠬᠦ ᠬᠦᠷᠢᠶ᠎ᠡ ᠪᠠᠨ ᠲᠣᠳᠣᠷᠬᠠᠶᠢᠯᠠᠵᠤ᠂ ᠬᠠᠪᠰᠤᠷᠤᠨ | ᠲᠡᠳᠬᠦᠬᠦ ᠡᠲᠡᠭᠡᠳ ᠤᠨ ᠳᠠᠪᠠᠭᠤᠯᠢᠭ ᠪᠣᠯᠣᠨ ᠣᠨᠴᠠᠯᠢᠭ ᠢ ᠦᠨᠳᠦᠰᠦᠯᠡᠨ᠂ ᠥᠪᠡᠷᠮᠢᠴᠡ ᠣᠨᠴᠠᠯᠢᠭ ᠲᠠᠢ | ᠬᠠᠪᠰᠤᠷᠤᠨ ᠲᠡᠳᠬᠦᠬᠦ ᠲᠥᠯᠥᠪᠯᠡᠭᠡ ᠶᠢ ᠰᠠᠶᠢᠲᠤᠷ ᠬᠢᠵᠦ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠡᠯ᠎ᠡ ᠲᠣᠰᠬᠤᠨ ᠤ ᠬᠢᠨ ᠬᠥᠭᠵᠢᠯᠲᠡ ᠶᠢᠨ ᠴᠢᠭᠯᠡᠯ ᠪᠣᠯᠣᠨ ᠰᠡᠳᠬᠢᠴᠡ ᠪᠠᠨ | ᠲᠣᠳᠣᠷᠬᠠᠶᠢᠯᠠᠵᠤ᠂ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠬᠠᠮᠲᠤᠪᠠᠷ ᠠᠬᠢᠭᠤᠯᠵᠤ᠂ ᠤᠯᠠᠨ ᠲᠦᠮᠡᠨ ᠤ | ᠬᠦᠴᠢᠷᠳᠡᠯ ᠪᠣᠯᠣᠨ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠪᠡ᠃ | |