ᠦᠴᠦᠸᠠᠨ ᠰᠢᠶᠠᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 82 ᠳ᠋ᠤᠭᠠᠷ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/1/16
    1 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 82 ᠳ᠋ᠤᠭᠠᠷ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽2023 ᠣᠨ ᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠵᠢᠴᠢ ᠪᠥᠬᠦ ᠤᠯᠤᠰ ᠤᠨ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠮᠠᠨ ᠤ ᠰᠢᠶᠠᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠨᠠᠮ ᠤᠨ ᠤᠨᠤᠯ ᠤᠨ ᠰᠢᠨ᠎ᠡ ᠡᠭᠦᠳᠦᠯᠲᠡ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠮᠠᠨ ᠤ ᠰᠢᠶᠠᠨ ᠳᠤ ᠨᠠᠶᠢᠳᠠᠪᠤᠷᠢᠵᠢᠭᠤᠯᠬᠤ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠰᠠᠶᠢᠲᠤᠷ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠨᠢᠭᠲᠠᠷᠠᠯ ᠤᠨ ᠬᠦᠴᠦᠨ᠂ ᠲᠠᠶᠢᠴᠢᠨ ᠬᠦᠴᠦᠨ᠂ ᠲᠥᠪᠯᠡᠩᠭᠦᠢ ᠬᠦᠴᠦᠨ ᠢ ᠲᠠᠰᠤᠷᠠᠯᠳᠡ ᠦᠭᠡᠢ ᠴᠢᠩᠭᠠᠳᠬᠠᠵᠤ᠂ ᠡᠭᠦᠨ ᠤ ᠤᠯᠠᠮ ᠢᠶᠠᠷ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠰᠠᠶᠢᠲᠤᠷ ᠳᠠᠭᠠᠭᠤᠯᠵᠤ᠂ ᠦᠯᠢᠬᠡᠷ ᠳᠠᠭᠤᠷᠢᠶᠠᠯ ᠪᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠱᠠᠭᠠᠷᠳᠠᠭᠰᠠᠨ ᠨᠢ᠂ ᠪᠦᠬᠦ ᠰᠢᠶᠠᠨ ᠢᠶᠠᠷ ᠢᠶᠠᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠠᠷ ᠤᠳᠤᠷᠢᠳᠤᠮᠵᠢ ᠪᠣᠯᠭᠠᠵᠤ᠂ ᠤᠯᠤᠰ ᠲᠥᠷᠥ ᠶᠢ ᠡᠷᠬᠢᠮᠯᠡᠬᠦ ᠳᠡᠭᠡᠳᠦ ᠬᠡᠮᠵᠢᠶᠡᠨ ᠠᠴᠠ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ  ᠲᠠᠢ ᠦᠨᠡᠨᠬᠦ ᠨᠢᠭᠡᠳᠬᠡᠵᠦ᠂ ᠮᠠᠨ ᠤ ᠰᠢᠶᠠᠨ ᠤ ᠪᠣᠳᠠᠲᠠᠢ ᠲᠠᠢ ᠤᠶᠠᠯᠳᠤᠭᠤᠯᠤᠨ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠥᠨᠳᠦᠷᠯᠢᠭ ᠤᠨ ᠣᠨᠴᠠᠯᠢᠭᠲᠤ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠢ ᠦᠷᠭᠦᠯᠵᠢᠯᠡᠨ ᠬᠥᠭᠵᠢᠭᠦᠯᠵᠦ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠶᠡᠬᠡᠪᠡᠷ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ ᠶᠢ ᠠᠳᠬᠤᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠢ ᠭᠡᠪᠡ᠃      ᠬᠤᠷᠠᠯ ᠠᠴᠠ ᠱᠠᠭᠠᠷᠳᠠᠭᠰᠠᠨ ᠨᠢ᠂ ᠪᠦᠬᠦ ᠰᠢᠶᠠᠨ ᠢᠶᠠᠷ ᠢᠶᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢᠨ᠎ᠡ ᠱᠠᠲᠤ ᠦᠶ᠎ᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ︽ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ︾ ᠶᠢᠨ ᠶᠡᠷᠦᠩᠬᠡᠢ ᠲᠥᠰᠥᠯ ᠤᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠡᠮᠴᠢᠯᠡᠭᠡᠨ ᠤ ᠠᠪᠤᠷᠠᠨ ᠵᠠᠰᠠᠬᠤ᠂ ᠡᠮ ᠬᠡᠷᠡᠭᠯᠡᠬᠦ ᠬᠡᠷᠡᠭᠴᠡᠭᠡ᠂ ᠭᠤᠣᠯᠳᠠᠯᠭ᠎ᠠ ᠲᠠᠢ ᠬᠥᠮᠥᠰ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠸᠠᠺᠼᠢᠨ ᠤ ᠲᠠᠷᠢᠯᠭ᠎ᠠ ᠵᠡᠷᠭᠡ ᠠᠵᠢᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠳ᠋ ᠪᠣᠳᠠᠰ᠂ ᠲᠥᠬᠦᠭᠡᠷᠦᠮᠵᠢ᠂ ᠠᠵᠢᠯᠲᠠᠨ ᠤ ᠮᠡᠷᠭᠡᠵᠢᠯ ᠵᠡᠷᠭᠡ ᠲᠠᠯ᠎ᠠ ᠶᠢᠨ ᠳᠤᠲᠠᠭᠤᠳᠠᠯ ᠪᠠᠭᠤᠷᠠᠢ ᠲᠠᠯ᠎ᠠ ᠶᠢ ᠨᠥᠬᠦᠪᠦᠷᠢᠯᠡᠵᠦ᠂ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠴᠢᠳᠠᠪᠤᠷᠢ ᠪᠠ ᠠᠪᠤᠷᠠᠨ ᠵᠠᠰᠠᠬᠤ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠪᠣᠯᠣᠨ ᠲᠣᠰᠬᠤᠨ ᠤ ᠡᠮᠴᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠠᠭᠤᠷᠢ ᠡᠪᠡᠳᠴᠢᠨ ᠲᠠᠢ ᠤᠯᠠᠨ ᠲᠦᠮᠡᠨ ᠢ ᠴᠠᠭ ᠲᠤᠬᠠᠢ ᠳᠤᠨᠢ ᠬᠥᠲᠥᠯᠥᠨ ᠵᠢᠯᠤᠭᠤᠳᠴᠤ ᠪᠠᠶᠢᠭᠠᠳ ᠡᠷᠲᠡ ᠠᠴᠠ ᠢᠯᠡᠷᠡᠭᠦᠯᠵᠦ᠂ ᠡᠷᠲᠡ ᠠᠴᠠ ᠣᠷᠣᠯᠴᠠᠵᠤ᠂ ᠡᠷᠲᠡ ᠠᠴᠠ ᠤᠷᠢᠳᠴᠢᠯᠠᠨ ᠮᠠᠭᠠᠳᠯᠠᠵᠤ᠂ ᠡᠷᠲᠡ ᠠᠴᠠ ᠡᠮᠨᠡᠨ ᠵᠠᠰᠠᠭᠤᠯᠬᠤ ᠬᠡᠷᠡᠭᠲᠡᠢ᠃ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠵᠤ᠂ ᠣᠯᠠᠨ ᠲᠦᠮᠡᠨ ᠤ ᠡᠮ ᠬᠤᠳᠠᠯᠳᠤᠨ ᠠᠪᠬᠤ ᠦᠨᠳᠦᠰᠦᠨ ᠬᠡᠷᠡᠭᠴᠡᠭᠡ ᠶᠢ ᠪᠥᠬᠦ ᠲᠠᠯ᠎ᠠ ᠪᠠᠷ ᠪᠠᠲᠤᠯᠠᠬᠤ ᠬᠡᠷᠡᠭᠲᠡᠢ᠃ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠬᠠᠮᠠᠭᠠᠯᠠᠬᠤ ᠮᠡᠳᠡᠯᠭᠡ ᠶᠢ ᠲᠦᠭᠡᠮᠡᠯᠵᠢᠭᠦᠯᠦᠨ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠲᠠᠢ ᠪᠣᠯᠭᠠᠵᠤ᠂ ᠥᠪᠡᠷ ᠢ ᠪᠠᠨ ᠬᠠᠮᠠᠭᠠᠯᠠᠬᠤ ᠤᠬᠠᠮᠰᠠᠷ ᠢ ᠨᠢ ᠴᠢᠩᠭᠠᠷᠠᠭᠤᠯᠤᠨ᠂ ᠥᠪᠡᠷ ᠤᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠪᠣᠯᠬᠤ ᠬᠡᠷᠡᠭᠲᠡᠢ ᠭᠡᠪᠡ᠃      ᠬᠤᠷᠠᠯ ᠠᠴᠠ ᠱᠠᠭᠠᠷᠳᠠᠭᠰᠠᠨ ᠨᠢ᠂ ᠪᠦᠬᠦ ᠰᠢᠶᠠᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ᠂ ᠠᠶᠤᠯᠭᠦᠢ ᠦᠢᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠬᠦ᠂ ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠬᠤ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠯᠠᠨ ᠲᠦᠮᠡᠨ ᠤ ᠪᠠᠶᠠᠷ ᠪᠠᠶᠠᠰᠬᠤᠯᠠᠩ ᠲᠠᠢ ᠥᠯᠵᠡᠢ ᠪᠡᠯᠭᠡ ᠲᠠᠢ ᠪᠠᠶᠠᠷ ᠤᠨ ᠡᠳᠦᠷ ᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠪᠡ᠃      ᠬᠤᠷᠠᠯ ᠠᠴᠠ ᠪᠠᠰᠠ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ᠂ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ᠂ ᠰᠢᠶᠠᠨ ᠤ ᠰᠢᠭᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ᠂ ᠰᠢᠶᠠᠨ ᠤ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ︵ᠯᠢᠦᠢ ᠫᠢᠩ ᠫᠢᠩ᠂ ᠯᠢᠦ ᠰᠢᠶᠣᠣ ᠴᠢᠶᠠᠩ︶
 
ᠢᠷᠡᠯᠲᠡ᠄ ᠦᠴᠦᠸᠠᠨ ᠰᠢᠶᠠᠨ ᠤ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号