| | | ᠴᠠᠭᠠᠨ ᠰᠠᠷ᠎ᠠ ᠣᠶᠢᠷᠠᠳᠴᠤ ᠪᠠᠶᠢᠭ᠎ᠠ ᠲᠠᠰᠢᠷᠠᠮ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠪᠣᠯᠣᠨ ᠵᠠᠰᠠᠭ ᠤᠨ ᠣᠷᠳᠣᠨ ᠤ ᠬᠠᠶᠢᠷ᠎ᠠ | ᠬᠠᠯᠠᠮᠵᠢ ᠶᠢ ᠠᠵᠢᠯᠲᠠᠨ ᠠᠵᠢᠯᠴᠢᠨ ᠣᠯᠠᠨ ᠲᠦᠮᠡᠨ ᠤ ᠰᠡᠳᠬᠢᠯ ᠳᠤ ᠦᠨᠡᠨᠬᠦ ᠬᠦᠷᠭᠡᠬᠦ ᠶᠢᠨ ᠲᠤᠯᠠᠳᠠ᠂1 | ᠰᠠᠷ᠎ᠠ ᠶᠢᠨ 13 ᠤ ᠡᠳᠦᠷ᠂ ᠦᠴᠦᠸᠠᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠰᠢᠩ ᡁᠢ | ᠾᠧᠩ᠂ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠳᠡᠳ᠋ ᠲᠡᠷᠢᠭᠦᠯᠡᠭᠴᠢ ᠰᠢᠦᠢ ᠴᠦᠨ ᡁᠢ᠂ ᠲᠤᠰᠢᠶᠠᠯ | ᠬᠠᠪᠰᠤᠷᠭᠠᠭᠰᠠᠨ ᠳᠡᠳ᠋ ᠲᠡᠷᠢᠭᠦᠯᠡᠭᠴᠢ ᠬᠠᠨ ᠴᠧᠩ ᠰᠢᠩ ᠨᠠᠷ ᠳᠠᠭᠠᠭᠠᠴᠢᠯᠠᠨ ᠬᠤᠯᠪᠤᠭᠠᠯᠠᠭᠰᠠᠨ ᠲᠤᠰᠬᠤᠨ ᠤ | ᠠᠷᠠᠳ ᠤᠨ ᠵᠥᠪᠯᠡᠯ ᠪᠣᠯᠣᠨ ᠬᠦᠴᠢᠷᠳᠡᠯ ᠲᠠᠢ ᠠᠵᠤ ᠠᠬᠤᠶᠢᠯᠠᠯ ᠳᠤ ᠬᠦᠷᠴᠦ ᠲᠣᠬᠤᠨᠢᠭᠤᠯᠪᠠ᠃ | ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠲᠣᠬᠤᠨᠢᠭᠤᠯᠬᠤ ᠳᠤᠭᠤᠶᠢᠯᠠᠩ ᠤᠨ ᠬᠢᠨ ᠡᠩ ᠲᠡᠷᠢᠭᠦᠨ ᠳᠤ | ᠳᠠᠭᠠᠭᠠᠴᠢᠯᠠᠨ ᠬᠤᠯᠪᠤᠭᠠᠯᠠᠭᠰᠠᠨ ᠳ᠋ᠢᠩ ᠰᠢᠶᠠᠩ ᠶᠢᠩ ᠲᠣᠰᠬᠤᠨ ᠳᠤ ᠬᠦᠷᠴᠦ᠂ ᠶᠠᠳᠠᠭᠤ ᠬᠦᠴᠢᠷᠳᠡᠯᠲᠡᠢ ᠬᠥᠯᠥᠰᠦᠨ | ᠠᠵᠢᠯᠴᠢᠨ᠂ ᠵᠠᠬ᠎ᠠ ᠬᠢᠵᠠᠭᠠᠷ ᠤᠨ ᠡᠷᠦᠭᠡ ᠪᠠ ᠥᠨᠥᠴᠢᠨ ᠪᠡᠯᠪᠡᠰᠦᠨ ᠨᠠᠰᠤᠲᠠᠨ᠂ ᠥᠨᠥᠴᠢᠨ ᠥᠷᠥᠭᠡᠰᠦᠨ ᠭᠡᠷ | ᠪᠦᠯᠢ ᠶᠢᠨ ᠨᠡᠶᠢᠳᠡ 62 ᠬᠥᠮᠥᠨ ᠢ ᠲᠣᠬᠤᠨᠢᠭᠤᠯᠵᠠᠢ᠃0 .6 ᠲᠦᠮᠡ ᠭᠠᠷᠤᠢ ᠲᠥᠭᠦᠷᠢᠭ ᠤᠨ ᠦᠷᠲᠡᠭ ᠪᠥᠬᠦᠢ | ᠲᠣᠬᠤᠨᠢᠭᠤᠯᠬᠤ ᠪᠣᠳᠠᠰ ᠪᠠ ᠬᠤᠣᠰ ᠤᠶᠠᠩᠭ᠎ᠠ ᠲᠠᠷᠬᠠᠭᠠᠪᠠ᠃ | | ᠳᠠᠷᠠᠭ᠎ᠠ ᠨᠢ ᠲᠣᠬᠤᠨᠢᠭᠤᠯᠬᠤ ᠳᠤᠭᠤᠶᠢᠯᠠᠩ ᠤᠨ ᠬᠢᠨ ᠥᠪᠥᠷ ᠮᠣᠩᠭᠤᠯ ᠤᠨ ᠲᠠᠯ᠎ᠠ ᠶᠢᠨ ᠳᠤᠷᠠᠰᠤᠮᠵᠢ | ᠵᠢᠭᠤᠯᠴᠢᠯᠠᠯ ᠰᠣᠶᠣᠯ ᠤᠨ ᠬᠤᠪᠢ ᠡᠵᠡᠮᠳᠡᠬᠦ ᠪᠦᠯᠦᠭᠯᠡᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠴᠤᠸᠠᠨ | ᠪᠦᠦ ᠪᠣᠬᠢᠷᠳᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ᠂ ᠬᠥᠬᠡᠬᠤᠲᠠ ᠶᠢᠨ ᠠᠨ ᠪᠠᠩ | ᠠᠮᠤᠷ ᠢ ᠬᠠᠮᠠᠭᠠᠯᠠᠬᠤ ᠦᠢᠯᠡᠴᠢᠯᠡᠭᠡᠨ ᠤ ᠺᠣᠮᠫᠠᠨᠢ᠂ ᠥᠪᠥᠷ ᠮᠣᠩᠭᠤᠯ ᠤᠨ ᠱᠤ᠋ ᠶᠤᠸᠠᠨ ᠺᠠᠩ ᠠᠮᠢᠳᠤ ᠪᠣᠳᠠᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᡁᠢ ᠰᠢᠨ ᠪᠠᠷᠢᠯᠭ᠎ᠠ ᠶᠢᠨ | ᠬᠢᠵᠠᠭᠠᠷᠲᠤ ᠺᠣᠮᠫᠠᠨᠢ ᠵᠡᠷᠭᠡ 6 ᠠᠵᠤ ᠠᠬᠤᠶᠢᠯᠠᠯ ᠳᠤ ᠬᠦᠷᠴᠦ ᠲᠣᠬᠤᠨᠢᠭᠤᠯᠪᠠ᠂ ᠡᠭᠦᠨ ᠳᠤ ᠠᠵᠢᠯ | ᠣᠯᠭᠤᠯᠲᠠ ᠶᠢᠨ ᠬᠡᠯᠪᠡᠷᠢ ᠶᠢᠨ ᠰᠢᠨ᠎ᠡ ᠠᠵᠤ ᠠᠬᠤᠶᠢᠯᠠᠯ ᠬᠤᠶᠠᠷ ᠪᠣᠶ᠃ᠨᠡᠶᠢᠲᠡ 5 ᠲᠦᠮᠡᠨ ᠲᠥᠭᠦᠷᠢᠭ ᠤᠨ | ᠲᠣᠬᠤᠨᠢᠭᠤᠯᠬᠤ ᠮᠥᠩᠭᠦ ᠲᠠᠷᠬᠠᠭᠠᠵᠠᠢ᠃ | ᠵᠠᠯᠭᠠᠭᠠᠳ᠂ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠦᠴᠢᠷᠳᠡᠯᠲᠡᠢ ᠠᠵᠤ ᠠᠬᠤᠶᠢᠯᠠᠯ ᠢ ᠬᠠᠯᠠᠮᠵᠢᠯᠠᠨ | ᠬᠠᠶᠢᠷᠠᠯᠠᠵᠤ ᠦᠢᠯᠡᠴᠢᠯᠡᠬᠦ ᠪᠠ ᠬᠦᠴᠢᠷᠳᠡᠯᠲᠡᠢ ᠠᠵᠢᠯᠲᠠᠨ ᠠᠵᠢᠯᠴᠢᠨ ᠣᠯᠠᠨ ᠲᠦᠮᠡᠨ ᠢ ᠬᠠᠪᠰᠤᠷᠤᠨ ᠲᠡᠳᠬᠦᠬᠦ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ | ︽ᠬᠥᠭᠦᠷᠭᠡ︾ ︽ᠬᠤᠯᠪᠣᠭᠠᠰᠤ︾ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | | | | |