︵ᠰᠤᠷᠪᠤᠯᠵᠢᠯᠠᠭᠴᠢ ᠰᠥᠩ ᠰᠢᠶᠠᠩ ᠬᠤᠸᠠ ᠴᠢᠮᠡᠭᠡᠯᠡᠭᠴᠢ ᠬᠠᠨ ᠮᠢᠨ︶ 2022 ᠣᠨ ᠤ 12 ᠳ᠋ᠤᠭᠠᠷ | ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠬᠤᠲᠠ ︽ᠪᠦᠬᠦᠨ ᠳᠤ ᠲᠣᠬᠢᠷᠠᠬᠤ ᠺᠠᠷᠲ︾ ᠢᠶᠠᠷ ᠨᠡᠶᠢᠲᠡ 231313. | 78 ᠲᠦᠮᠡᠨ ᠲᠥᠭᠦᠷᠢᠭ ᠤᠨ ᠨᠥᠬᠦᠪᠦᠷᠢ ᠪᠡᠯᠡ ᠮᠥᠩᠭᠦ ᠲᠠᠷᠬᠠᠭᠠᠪᠠ᠂ ᠡᠭᠦᠨ ᠳᠤ᠂ ᠲᠠᠷᠢᠶᠠᠴᠢᠳ ᠤᠨ ᠨᠥᠬᠦᠪᠦᠷᠢ | ᠪᠡᠯᠡ ᠮᠥᠩᠭᠦ 213310.53 ᠲᠦᠮᠡᠨ ᠲᠥᠭᠦᠷᠢᠭ᠂ 92.22% ᠢ ᠡᠵᠡᠯᠡᠪᠡ︔ ᠬᠤᠲᠠ ᠪᠠᠯᠭᠠᠰᠤᠨ ᠤ | ᠰᠠᠭᠤᠭᠠᠯᠢ ᠠᠷᠠᠳ ᠤᠨ ᠨᠥᠬᠦᠪᠦᠷᠢ ᠪᠡᠯᠡ ᠮᠥᠩᠭᠦ 18003.25 ᠲᠦᠮᠡᠨ ᠲᠥᠭᠦᠷᠢᠭ᠂ 7.78% ᠶᠢ ᠡᠵᠡᠯᠡᠪᠡ | ᠃ ᠪᠦᠬᠦ ᠬᠤᠳᠠ ᠶᠢᠨ 89 ᠰᠢᠶᠠᠩ ᠪᠠᠯᠭᠠᠰᠤ ᠵᠢᠴᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠬᠠᠮᠤᠷᠴᠤ᠂ | 465.68 ᠲᠦᠮᠡᠨ ᠬᠥᠮᠥᠨ ᠤᠳᠠᠭ᠎ᠠ ᠲᠠᠷᠬᠠᠭᠠᠪᠠ᠃ | 2022 ᠣᠨ ᠳᠤ᠂ ᠮᠠᠨ ᠤ ᠬᠤᠲᠠ ︽ᠪᠦᠬᠦᠨ ᠳᠤ ᠲᠣᠬᠢᠷᠠᠬᠤ ᠺᠠᠷᠲ︾ ᠢᠶᠠᠷ ᠲᠠᠷᠬᠠᠭᠠᠭᠰᠠᠨ ᠪᠡᠯᠡ | ᠮᠥᠩᠭᠦ ᠶᠢᠨ ᠨᠥᠬᠦᠪᠦᠷᠢ ᠶᠢᠨ ᠲᠥᠷᠥᠯ ᠵᠦᠢᠯ ᠢ ᠨᠡᠶᠢᠲᠡ 9 ᠬᠦᠷᠢᠶ᠎ᠡ ᠴᠠᠷᠠᠭ᠎ᠠ ᠶᠢᠨ 61 ᠲᠥᠷᠥᠯ ᠤᠨ 76 | ᠵᠦᠢᠯ ᠳᠤ ᠬᠤᠯᠪᠣᠭᠳᠠᠵᠤ᠂ ᠡᠭᠦᠨ ᠳᠤ ᠲᠠᠷᠬᠠᠭᠠᠭᠰᠠᠨ ᠵᠣᠭᠤᠰ ᠤᠨ ᠲᠤᠭ᠎ᠠ ᠶᠢᠨ ᠬᠠᠷᠢᠴᠠᠯ ᠢᠶᠠᠷ ᠨᠡᠯᠢᠶᠡᠳ | ᠥᠨᠳᠥᠷ ᠨᠢ ᠭᠤᠣᠯᠳᠠᠭᠤ᠄ ᠨᠡᠶᠢᠭᠡᠮ ᠤᠨ ᠪᠠᠲᠤᠯᠠᠭ᠎ᠠ ᠶᠢᠨ ᠲᠥᠷᠥᠯ᠂ ᠲᠠᠷᠢᠶᠠᠯᠠᠩ ᠮᠠᠯ ᠠᠵᠤ ᠠᠬᠤᠢ ᠶᠢᠨ ᠲᠥᠷᠥᠯ | ᠂ ᠴᠠᠯᠢᠩ ᠤᠨ ᠨᠥᠬᠦᠪᠦᠷᠢ ᠶᠢᠨ ᠲᠥᠷᠥᠯ᠂ ᠣᠶ ᠰᠢᠭᠤᠢ ᠶᠢᠨ ᠲᠥᠷᠥᠯ᠂ ᠡᠷᠡᠭᠦᠯ ᠬᠠᠮᠠᠭᠠᠯᠠᠯ ᠤᠨ ᠲᠥᠷᠥᠯ ᠵᠡᠷᠭᠡ | ᠲᠠᠪᠤᠨ ᠶᠡᠭᠡ ᠠᠷᠠᠳ ᠤᠨ ᠠᠮᠢᠳᠤᠷᠠᠯ ᠤᠨ ᠲᠥᠷᠥᠯ ᠤᠨ ᠨᠥᠬᠦᠪᠦᠷᠢ ᠪᠡᠯᠡ ᠮᠥᠩᠭᠦ ᠪᠣᠯᠣᠨ᠎ᠠ᠃2022 ᠣᠨ ᠳᠤ᠂ | ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠨᠥᠬᠦᠪᠦᠷᠢ ᠪᠡᠯᠡ ᠮᠥᠩᠭᠦ 123597.49 ᠲᠦᠮᠡᠨ ᠲᠥᠭᠦᠷᠢᠭ | ᠲᠠᠷᠬᠠᠭᠠᠵᠤ᠂ 53.43% ᠶᠢ ᠡᠵᠡᠯᠡᠪᠡ︔ ᠲᠠᠷᠢᠶᠠᠯᠠᠩ ᠮᠠᠯ ᠠᠵᠤ ᠠᠬᠤᠢ ᠶᠢᠨ ᠲᠥᠷᠥᠯ ᠤᠨ ᠨᠥᠬᠦᠪᠦᠷᠢ ᠪᠡᠯᠡ | ᠮᠥᠩᠭᠦ 73619 ᠲᠦᠮᠡᠨ ᠲᠥᠭᠦᠷᠢᠭ ᠲᠠᠷᠬᠠᠭᠠᠵᠤ᠂ 31.83% ᠶᠢ ᠡᠵᠡᠯᠡᠪᠡ︔ ᠴᠠᠯᠢᠩ ᠤᠨ ᠨᠥᠬᠦᠪᠦᠷᠢ ᠶᠢᠨ | ᠲᠥᠷᠥᠯ ᠤᠨ ᠨᠥᠬᠦᠪᠦᠷᠢ ᠪᠡᠯᠡ ᠮᠥᠩᠭᠦ 19216.01 ᠲᠦᠮᠡᠨ ᠲᠥᠭᠦᠷᠢᠭ ᠲᠠᠷᠬᠠᠭᠠᠵᠤ᠂ 8.31% ᠶᠢ | ᠡᠵᠡᠯᠡᠪᠡ︔ ᠣᠶ ᠰᠢᠭᠤᠢ ᠶᠢᠨ ᠲᠥᠷᠥᠯ ᠤᠨ ᠨᠥᠬᠦᠪᠦᠷᠢ ᠪᠡᠯᠡ ᠮᠥᠩᠭᠦ 8831.25 ᠲᠦᠮᠡᠨ ᠲᠥᠭᠦᠷᠢᠭ | ᠲᠠᠷᠬᠠᠭᠠᠵᠤ᠂ 3.82% ᠢ ᠡᠵᠡᠯᠡᠪᠡ︔ ᠡᠷᠡᠭᠦᠯ ᠬᠠᠮᠠᠭᠠᠯᠠᠯ ᠤᠨ ᠲᠥᠷᠥᠯ ᠤᠨ ᠨᠥᠬᠦᠪᠦᠷᠢ ᠪᠡᠯᠡ ᠮᠥᠩᠭᠦ | 3874.46 ᠲᠦᠮᠡᠨ ᠲᠥᠭᠦᠷᠢᠭ ᠲᠠᠷᠬᠠᠭᠠᠵᠤ᠂ 1.67% ᠶᠢ ᠡᠵᠡᠯᠡᠪᠡ᠃ |