︵ᠰᠤᠷᠪᠤᠯᠵᠢᠯᠠᠭᠴᠢ ᠮᠢᠶᠣᠣ ᠴᠢᠩ︶ ᠲᠦᠷᠦᠭᠦᠬᠡᠨ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠨᠢ᠂ 2022 ᠣᠨ ᠳᠤ ᠮᠠᠨ ᠤ ᠬᠤᠲᠠ ︽ | ᠭᠤᠣᠯᠲᠤ ᠪᠣᠷᠣ ᠶᠢ ᠦᠨᠳᠦᠰᠦᠯᠡᠭᠦᠯᠬᠦ ᠲᠥᠯᠥᠪᠯᠡᠭᠡ︾ ᠶᠢ ᠬᠡᠷᠡᠭᠵᠢᠭᠦᠯᠬᠦ ᠪᠠᠷ ᠳᠡᠮᠵᠢᠨ᠂ 3.17 ᠲᠦᠮᠡ ᠭᠠᠷᠤᠢ | ᠬᠥᠮᠥᠨ ᠢ ᠬᠥᠬᠡᠬᠤᠲᠠ ᠳᠤ ᠦᠯᠡᠳᠡᠭᠡᠵᠦ᠂ ᠪᠤᠴᠠᠭᠠᠵᠤ᠂ ᠢᠷᠡᠭᠦᠯᠵᠦ ᠠᠵᠢᠯ ᠣᠯᠭᠤᠵᠤ ᠦᠢᠯᠡᠰ | ᠴᠣᠭᠴᠠᠯᠠᠭᠤᠯᠤᠭᠰᠠᠨ ᠪᠠᠶᠢᠨ᠎ᠠ᠃ 2023 ᠣᠨ ᠳᠤ᠂ ᠮᠠᠨ ᠤ ᠬᠤᠲᠠ ︽ᠭᠤᠣᠯᠲᠤ ᠪᠣᠷᠣ ᠶᠢ ᠦᠨᠳᠦᠰᠦᠯᠡᠭᠦᠯᠬᠦ | ᠲᠥᠯᠥᠪᠯᠡᠭᠡ︾ ᠶᠢ ᠦᠷᠭᠦᠯᠵᠢᠯᠡᠨ ᠭᠦᠨᠵᠡᠭᠡᠢ ᠬᠡᠷᠡᠭᠵᠢᠭᠦᠯᠵᠦ᠂ ︽ᠠᠷᠪᠠᠨ ᠲᠦᠮᠡᠨ ᠣᠶᠤᠲᠠᠨ ᠢ ᠬᠥᠬᠡᠬᠤᠲᠠ ᠳᠤ | ᠦᠯᠡᠳᠡᠭᠡᠬᠦ ᠢᠨᠵᠧᠨᠧᠷᠢᠩ︾ ᠢ ᠲᠦᠯᠬᠢᠨ ᠠᠬᠢᠭᠤᠯᠵᠤ᠂ ᠡᠨᠡ ᠵᠢᠯ ᠤᠨ ᠳᠣᠲᠣᠷ᠎ᠠ 4 ᠲᠦᠮᠡᠨ ᠣᠶᠤᠲᠠᠨ ᠢ | ᠬᠥᠬᠡᠬᠤᠲᠠ ᠳᠤ ᠦᠯᠡᠳᠡᠭᠡᠵᠦ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠭᠤᠯᠤᠨ᠎ᠠ᠃ | ᠡᠨᠡ ᠵᠢᠯ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ︽34456︾ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ᠂ ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ | ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠣᠷᠳᠣᠨ ᠬᠥᠲᠥᠯᠥᠨ ᠵᠢᠯᠣᠭᠤᠳᠴᠤ᠂ ᠵᠠᠬ᠎ᠠ ᠳᠡᠯᠭᠡᠭᠦᠷ | ᠣᠷᠤᠯᠴᠠᠬᠤ ᠶᠢ ᠪᠠᠷᠢᠮᠲᠠᠯᠠᠵᠤ᠂ ᠤᠯᠠᠨ ᠲᠠᠯ᠎ᠠ ᠪᠠᠷ ᠬᠦᠴᠦᠯᠡᠵᠦ᠂ ᠬᠠᠮᠲᠤ ᠪᠠᠷ ᠲᠦᠯᠬᠢᠨ ᠠᠬᠢᠭᠤᠯᠬᠤ ᠶᠢ | ᠪᠠᠷᠢᠮᠲᠠᠯᠠᠵᠤ᠂ ᠠᠵᠤ ᠠᠬᠤᠶᠢᠯᠠᠯ ᠳᠤ ᠦᠢᠯᠡᠴᠢᠯᠡᠬᠦ ᠪᠠ ᠰᠤᠷᠤᠭᠴᠢᠳ ᠲᠤ ᠦᠢᠯᠡᠴᠢᠯᠡᠬᠦ ᠶᠢ ᠵᠡᠷᠭᠡ ᠪᠠᠷ | ᠴᠢᠬᠤᠯᠠᠴᠢᠯᠠᠬᠤ ᠶᠢ ᠪᠠᠷᠢᠮᠲᠠᠯᠠᠵᠤ᠂ ︽ᠭᠤᠣᠯᠲᠤ ᠪᠣᠷᠣ ᠶᠢ ᠦᠨᠳᠦᠰᠦᠯᠡᠭᠦᠯᠬᠦ︾ 2023 ᠣᠨ ᠤ ᠠᠵᠢᠯᠯᠠᠭᠠᠨ ᠤ | ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠰᠤᠷᠭᠠᠭᠤᠯᠢ ᠶᠢᠨ | ᠬᠦᠷᠢᠶᠡᠨ ᠳᠤ ᠣᠷᠣᠭᠤᠯᠬᠤ᠂ ᠣᠶᠤᠲᠠᠳ ᠤᠨ ᠠᠳᠠᠯ ᠦᠢᠯᠡᠰ ᠴᠣᠭᠴᠠᠯᠠᠬᠤ ᠶᠢ ᠡᠬᠢᠯᠡᠭᠦᠯᠬᠦ ᠠᠵᠢᠯᠯᠠᠭ᠎ᠠ᠂ ᠳᠡᠭᠡᠳᠦ | ᠰᠤᠷᠭᠠᠭᠤᠯᠢ ᠲᠡᠭᠦᠰᠦᠭᠰᠡᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ᠂ ᠳᠡᠭᠡᠳᠦ | ᠰᠤᠷᠭᠠᠭᠤᠯᠢ ᠲᠡᠭᠦᠰᠦᠭᠰᠡᠳ ᠢ ᠲᠡᠳᠬᠦᠨ ᠳᠡᠮᠵᠢᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠡᠷᠭᠡ | ᠲᠤᠰᠬᠠᠢ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠳᠤᠷᠠᠳᠤᠭᠤᠰᠢᠲᠠᠢ ᠵᠦᠢᠯ ᠭᠡᠪᠡᠯ᠂ ︽ | ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ ᠤᠨ ᠲᠤᠰᠬᠠᠢ ᠤᠷᠢᠨ ᠡᠯᠰᠡᠬᠦ ᠠᠵᠢᠯᠯᠠᠭ᠎ᠠ︾ ᠨᠢ ᠭᠤᠣᠯᠳᠠᠭᠤ ︽ | ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠮᠥᠷᠳᠡᠨ | ᠳᠠᠭᠠᠵᠤ᠂ ᠠᠵᠢᠯᠴᠢᠨ ᠬᠡᠷᠡᠭᠯᠡᠬᠦ ᠦᠢᠯᠡᠴᠢᠯᠡᠭᠡ ᠶᠢ ᠶᠡᠬᠡᠪᠡᠷ ᠥᠷᠨᠢᠭᠦᠯᠦᠨ᠂ ᠲᠤᠰᠬᠠᠢ ᠤᠷᠢᠨ ᠡᠯᠰᠡᠬᠦ᠂ | ᠰᠦᠯᠵᠢᠶᠡᠨ ᠳᠡᠭᠡᠷ᠎ᠡ ᠤᠷᠢᠨ ᠡᠯᠰᠡᠬᠦ᠂ ᠰᠤᠷᠭᠠᠭᠤᠯᠢ ᠶᠢᠨ ᠬᠦᠷᠢᠶᠡᠨ ᠳᠤ ᠣᠷᠣᠵᠤ ᠤᠷᠢᠨ ᠡᠯᠰᠡᠬᠦ ᠵᠡᠷᠭᠡ | ᠠᠵᠢᠯᠯᠠᠭ᠎ᠠ ᠶᠢ ᠴᠠᠭ ᠲᠤᠨᠢ ᠲᠣᠬᠢᠷᠠᠭᠤᠯᠤᠨ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠳᠤ ᠲᠠᠰᠤᠷᠠᠯᠲᠠ ᠦᠭᠡᠢ | ᠴᠢᠳᠠᠪᠤᠷᠢᠲᠠᠨ ᠤ ᠦᠢᠯᠡᠴᠢᠯᠡᠭᠡ ᠬᠠᠩᠭᠠᠵᠤ᠂ ᠴᠢᠳᠠᠪᠤᠷᠢᠲᠠᠨ ᠤ ᠭᠠᠵᠠᠷ ᠤᠨ ᠵᠢᠷᠤᠭ ᠢ ᠨᠠᠶᠢᠷᠠᠭᠤᠯᠤᠨ ᠵᠣᠬᠢᠶᠠᠵᠤ᠂ | ᠳᠡᠭᠡᠳᠦ ᠲᠠᠰ ᠤᠨ ᠴᠢᠳᠠᠪᠤᠷᠢᠲᠠᠨ ᠢ ᠡᠷᠢᠵᠦ ᠰᠤᠷᠪᠤᠯᠵᠢᠯᠠᠬᠤ ᠵᠡᠷᠭᠡ ᠴᠢᠳᠠᠪᠤᠷᠢᠲᠠᠨ ᠲᠠᠲᠠᠬᠤ ᠲᠤᠰᠬᠠᠢ | ᠠᠵᠢᠯᠯᠠᠭ᠎ᠠ ᠥᠷᠨᠢᠭᠦᠯᠵᠦ᠂ ᠪᠠᠴᠢᠮ ᠬᠡᠷᠡᠭᠴᠡᠭᠡ ᠲᠠᠢ ᠪᠠ ᠳᠡᠭᠡᠳᠦ ᠲᠠᠰ ᠤᠨ ᠴᠢᠳᠠᠪᠤᠷᠢᠲᠠᠨ ᠢ ᠢᠳᠡᠪᠬᠢᠲᠡᠢ ᠪᠠᠷ | ᠣᠷᠣᠭᠤᠯᠤᠨ ᠠᠪᠴᠢᠷᠠᠨ᠎ᠠ᠃ | ᠡᠭᠦᠨ ᠤ ᠬᠠᠮᠲᠤ᠂ ᠣᠶᠤᠲᠠᠳ ᠤᠨ ᠠᠳᠠᠯ ᠦᠢᠯᠡᠰ ᠴᠣᠭᠴᠠᠯᠠᠬᠤ ᠳᠤ ᠵᠣᠷᠢᠭᠤᠯᠵᠤ᠂ ᠡᠨᠡ ᠵᠢᠯ ᠮᠠᠨ ᠤ | ᠬᠤᠲᠠ ᠳᠡᠭᠡᠳᠦ ᠰᠤᠷᠭᠠᠭᠤᠯᠢ ᠲᠡᠭᠦᠰᠦᠭᠰᠡᠨ ᠣᠶᠣᠲᠠᠳ ᠤᠨ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠪᠠ | ᠠᠳᠠᠯ ᠦᠢᠯᠡᠰ ᠴᠣᠭᠴᠠᠯᠠᠬᠤ ᠪᠣᠳᠠᠲᠤ ᠪᠣᠯᠪᠠᠰᠤᠷᠠᠭᠤᠯᠤᠯ ᠤᠨ ᠡᠷᠴᠢᠮ ᠢᠶᠠᠨ ᠴᠢᠩᠭᠠᠷᠠᠭᠤᠯᠵᠤ᠂ ︽ᠭᠤᠣᠯᠲᠤ | ᠪᠣᠷᠣ ᠶᠢ ᠦᠨᠳᠦᠰᠦᠯᠡᠭᠦᠯᠬᠦ︾ ᠣᠶᠤᠲᠠᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ ᠪᠦᠲᠦᠭᠡᠵᠦ᠂ ᠠᠳᠠᠯ ᠦᠢᠯᠡᠰ ᠴᠣᠭᠴᠠᠯᠠᠬᠤ ᠲᠠᠭᠠᠭᠠᠯᠳᠠᠳᠤ | ᠵᠢᠭᠡᠯᠡᠯᠭᠡ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠳᠡᠭᠡᠳᠦ ᠰᠤᠷᠭᠠᠭᠤᠯᠢ ᠲᠡᠭᠦᠰᠦᠭᠰᠡᠨ ᠣᠶᠣᠲᠠᠳ | ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠡᠷᠴᠢᠮ ᠢᠶᠠᠨ ᠴᠢᠩᠭᠠᠷᠠᠭᠤᠯᠵᠤ᠂ | ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠰᠠᠭᠤᠷᠢᠨ ᠢ ᠶᠡᠬᠡᠪᠡᠷ ᠡᠷᠬᠢᠯᠡᠵᠦ᠂ ᠠᠳᠠᠯ | ᠦᠢᠯᠡᠰ ᠴᠣᠭᠴᠠᠯᠠᠬᠤ ᠲᠥᠷᠥᠯ ᠵᠦᠢᠯ ᠢ ᠲᠠᠨᠢᠯᠴᠠᠭᠤᠯᠬᠤ ᠬᠤᠷᠠᠯ ᠢ ᠵᠣᠬᠢᠶᠠᠨ ᠪᠠᠶᠢᠭᠤᠯᠵᠤ᠂ ᠠᠳᠠᠯ ᠦᠢᠯᠡᠰ | ᠴᠣᠭᠴᠠᠯᠠᠵᠤ ᠰᠢᠨ᠎ᠡ ᠶᠢ ᠡᠭᠦᠳᠬᠦ ᠤᠷᠤᠯᠳᠤᠭᠠᠨ ᠡᠷᠭᠢᠯᠡᠬᠦ ᠵᠡᠷᠭᠡ ᠠᠵᠢᠯᠯᠠᠭ᠎ᠠ ᠶᠢ ᠥᠷᠨᠢᠭᠦᠯᠬᠦ ᠪᠠᠷ ᠪᠠᠶᠢᠨ᠎ᠠ᠃ | ᠲᠡᠭᠦᠰᠦᠭᠰᠡᠨ 5 ᠵᠢᠯ ᠤᠨ ᠳᠣᠲᠣᠷᠠᠬᠢ ᠳᠡᠭᠡᠳᠦ ᠰᠤᠷᠭᠠᠭᠤᠯᠢ ᠲᠡᠭᠦᠰᠦᠭᠰᠡᠨ ᠣᠶᠣᠲᠠᠳ ᠤᠨ ᠬᠠᠮᠤᠭ ᠤᠨ | ᠥᠨᠳᠥᠷ ᠲᠡᠭᠡᠨ 50 ᠲᠦᠮᠡᠨ ᠲᠥᠭᠦᠷᠢᠭ ᠤᠨ ᠵᠢᠭᠡᠯᠡᠯᠭᠡ ᠪᠣᠯᠣᠨ ᠨᠢᠭᠡ ᠤᠳᠠᠭ᠎ᠠ ᠶᠢᠨ ᠴᠢᠨᠠᠷᠲᠠᠢ ᠠᠳᠠᠯ ᠦᠢᠯᠡᠰ | ᠪᠣᠰᠬᠠᠬᠤ ᠨᠥᠬᠦᠪᠦᠷᠢ ᠶᠢ ᠨᠠᠶᠢᠳᠠᠪᠤᠷᠢᠵᠢᠭᠤᠯᠵᠤ᠂ ᠣᠶᠤᠲᠠᠳ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠡᠯᠪᠡᠷᠢ ᠶᠢᠨ ᠠᠵᠤ ᠠᠬᠤᠶᠢᠯᠠᠯ ᠡᠭᠦᠳᠦᠨ ᠪᠠᠶᠢᠭᠤᠯᠬᠤ ᠳᠤ ᠲᠥᠯᠥᠪᠦᠷᠢ ᠦᠭᠡᠢ ᠲᠤᠰᠠᠯᠠᠬᠤ 20 ᠲᠦᠮᠡᠨ | ᠲᠥᠭᠦᠷᠢᠭ ᠤᠨ ᠲᠦᠷᠦᠯ ᠵᠦᠢᠯ ᠢ ᠬᠡᠷᠡᠭᠵᠢᠭᠦᠯᠦᠨ᠎ᠡ᠃ |