ᠯᠢ ᠵᠢᠶᠦ᠋ᠩ ᠬᠤᠷᠠᠯ ᠢ ᠡᠷᠬᠢᠯᠡᠪᠡ | ︵ᠰᠤᠷᠪᠤᠯᠵᠢᠯᠠᠭᠴᠢ ᠯᠢᠦ ᠱᠠ ᠱᠠ ᠳᠠᠳᠤᠯᠭ᠎ᠠ ᠶᠢᠨ ᠰᠤᠷᠪᠤᠯᠵᠢᠯᠠᠭᠴᠢ ᠴᠧᠨ ᠼᠦᠢ ᠵᠢᠶᠧ︶ 1 ᠳ᠋ᠦ᠋ᠭᠡᠷ | ᠰᠠᠷ᠎ᠠ ᠶᠢᠨ 16 ᠤ ᠡᠳᠦᠷ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ | ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ ᠠᠩᠬᠠᠳᠤᠭᠠᠷ ᠤᠳᠠᠭ᠎ᠠ ᠶᠢᠨ ︵ | ᠥᠷᠭᠡᠳᠬᠡᠭᠰᠡᠨ︶ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠡᠷᠢᠭᠦᠯᠡᠭᠴᠢ ᠯᠢ ᠵᠢᠶᠦ᠋ᠩ ᠬᠤᠷᠠᠯ ᠢ ᠡᠷᠭᠢᠯᠡᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠬᠤᠷᠠᠯ ᠳᠤ | ᠣᠷᠣᠯᠴᠠᠵᠤ᠂ ᠨᠠᠮ ᠤᠨ ᠭᠠᠳᠠᠨᠠᠬᠢ ᠳᠡᠳ᠋ ᠲᠡᠷᠢᠭᠦᠯᠡᠭᠴᠢ ᠬᠤᠷᠠᠯ ᠳᠤ ᠰᠤᠯᠠ ᠣᠷᠣᠯᠴᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ᠂ ᠲᠥᠪ ᠤᠨ ᠬᠥᠳᠡᠭᠡ | ᠲᠣᠰᠬᠤᠨ ᠤ ᠠᠵᠢᠯ ᠤᠨ ᠬᠤᠷᠠᠯ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠵᠢᠯ ᠤᠨ | ᠴᠠᠶᠢᠯᠠᠯᠭ᠎ᠠ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ | ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠬᠤᠷᠠᠯᠳᠤᠭᠠᠨ ᠤ | ᠵᠣᠷᠢᠭ ᠰᠠᠨᠠᠭ᠎ᠠ᠂ ᠬᠤᠲᠠ ᠶᠢᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠲᠠᠪᠤᠳᠤᠭᠠᠷ | ᠬᠤᠷᠠᠯᠳᠤᠭᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠳ ᠰᠤᠳᠤᠯᠤᠨ ᠶᠠᠷᠢᠯᠴᠠᠵᠤ ᠰᠠᠨᠠᠯ ᠢᠶᠠᠨ | ᠰᠣᠯᠢᠯᠴᠠᠪᠠ᠃ |