| | ᠪᠣᠣ ᠭᠠᠩ ᠬᠤᠷᠠᠯ ᠢ ᠡᠷᠬᠢᠯᠡᠵᠤ ᠶᠠᠷᠢᠶ᠎ᠠ ᠲᠠᠯᠪᠢᠵᠠᠢ ᠾᠧ ᠬᠠᠢ ᠳ᠋ᠦᠩ ᠴᠠᠩ ᠫᠧᠢ ᠵᠦᠩ ᠯᠢ ᠵᠢᠶᠦ᠋ᠩ | ᠣᠷᠣᠯᠴᠠᠵᠠᠢ | ︵ᠰᠤᠷᠪᠤᠯᠵᠢᠯᠠᠭᠴᠢ ᠶᠦᠨ ᠵᠢᠩ︶ 1 ᠳ᠋ᠦ᠋ᠭᠡᠷ ᠰᠠᠷ᠎ᠠ ᠶᠢᠨ 16 ᠤ ᠦᠳᠡ ᠶᠢᠨ ᠬᠤᠶᠢᠨ᠎ᠠ᠂ ᠮᠠᠨ ᠤ ᠬᠤᠳᠠ | ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ | ᠵᠣᠷᠢᠭ ᠰᠠᠨᠠᠭ᠎ᠠ ᠪᠣᠯᠣᠨ ᠰᠦᠨ ᠱᠤᠤ ᠴᠧᠩ ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠬᠥᠬᠡᠬᠤᠲᠠ ᠶᠢᠨ | ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠤᠯᠴᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ | ᠬᠤᠷᠢᠶ᠎ᠠ ᠶᠢᠨ ᠱᠦᠵᠢ ᠪᠣᠣ ᠭᠠᠩ ᠬᠤᠷᠠᠯ ᠢ ᠡᠷᠬᠢᠯᠡᠵᠦ ᠶᠠᠷᠢᠶ᠎ᠠ ᠲᠠᠯᠪᠢᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠠᠴᠠ ᠬᠥᠬᠡᠬᠤᠲᠠ ᠶᠢᠨ ᠬᠥᠭᠵᠢᠯᠲᠡ ᠳᠤ ᠶᠡᠭᠡ ᠬᠦᠰᠡᠯ ᠡᠷᠡᠮᠡᠯᠵᠡᠯ ᠲᠠᠯᠪᠢᠵᠤ᠂ ᠲᠤᠰᠬᠠᠶᠢᠯᠠᠨ | ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ ᠨᠡᠶᠢᠲᠡᠯᠡᠵᠦ᠂ ᠬᠥᠬᠡᠬᠤᠲᠠ ᠶᠢ ᠡᠮᠦᠨ᠎ᠡ ᠨᠢ | ᠶᠠᠪᠤᠵᠤ᠂ ᠥᠯᠢᠭᠡᠷ ᠳᠠᠭᠤᠷᠢᠶᠠᠯ ᠪᠣᠯᠬᠤ ᠬᠡᠷᠡᠭᠲᠡᠢ ᠭᠡᠵᠡᠢ᠃ ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠠᠷᠭ᠎ᠠ | ᠪᠦᠬᠦᠨ ᠢ ᠰᠦᠪᠡᠭᠴᠢᠯᠡᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ ᠱᠠᠭᠠᠷᠳᠠᠯᠭ᠎ᠠ ᠶᠢ | ᠪᠣᠳᠠᠲᠠᠢ ᠳᠤ ᠨᠠᠶᠢᠳᠠᠪᠤᠷᠢᠵᠢᠭᠤᠯᠵᠤ᠂ ︽ᠣᠷᠣᠨ ᠤ ᠲᠥᠪ ᠢ ᠬᠦᠴᠦᠷᠬᠡᠭᠵᠢᠭᠦᠯᠬᠦ︾ ᠢᠨᠵᠧᠨᠧᠷᠢᠩ ᠢ ᠤᠷᠤᠭᠰᠢ | ᠠᠬᠢᠭᠤᠯᠵᠤ᠂ ᠨᠢᠭᠡᠨᠲᠡ ᠲᠣᠭᠲᠠᠭᠠᠭᠰᠠᠨ ᠬᠥᠭᠵᠢᠯᠲᠡ ᠶᠢᠨ ᠰᠡᠳᠬᠢᠴᠡ ᠪᠣᠯᠣᠨ ᠡᠭᠦᠷᠭᠡ ᠬᠠᠷᠠᠯᠲᠠ ᠶᠢᠨ ᠶᠣᠰᠣᠭᠠᠷ᠂ | ᠰᠢᠳᠤ ᠪᠠᠨ ᠵᠠᠭᠤᠨ ᠪᠠᠷᠢᠮᠲᠠᠯᠠᠵᠤ᠂ ᠳᠡᠩᠰᠡᠯᠭᠡᠬᠦ ᠦᠭᠡᠢ᠂ ᠤᠷᠤᠭᠰᠢ ᠪᠠᠨ ᠴᠢᠷᠮᠠᠶᠢᠵᠤ ᠂ ᠬᠥᠭᠵᠢᠯᠲᠡ ᠳᠤ ︽ | ᠬᠤᠷᠳᠤᠳᠬᠠᠯ︾ ᠭᠠᠷᠭᠠᠬᠤ ᠬᠡᠷᠡᠭᠲᠡᠢ᠃ ᠭᠤᠣᠯᠳᠠᠯᠭ᠎ᠠ ᠲᠠᠢ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ | ᠪᠣᠯᠣᠨ ᠬᠦᠴᠦᠨ ᠵᠦᠢᠯ ᠤᠨ ᠪᠠᠲᠤᠯᠠᠭ᠎ᠠ ᠶᠢ ᠰᠠᠶᠢᠲᠤᠷ ᠬᠢᠵᠦ᠂ ︽ᠢᠴᠡᠭᠡᠯᠡᠭᠰᠡᠨ ᠡᠪᠦᠯ︾ ᠢ ︽ᠶᠠᠭᠠᠷᠠᠭᠰᠠᠨ | ᠡᠪᠦᠯ︾ ᠪᠣᠯᠭᠠᠨ ᠬᠤᠪᠢᠷᠠᠭᠤᠯᠵᠤ᠂ ᠬᠠᠪᠤᠷ ᠡᠬᠢᠯᠡᠬᠦ ᠳᠤ ᠡᠷᠴᠢᠮ ᠬᠦᠴᠦ ᠭᠦᠢᠴᠡᠳ ᠪᠠᠶᠢᠬᠤ ᠬᠡᠷᠡᠭᠲᠡᠢ᠃ | ᠬᠤᠶᠠᠷ ᠲᠤ ᠡᠬᠢ ᠪᠠᠶᠠᠯᠢᠭ ᠢ ᠠᠷᠪᠢᠯᠠᠨ ᠠᠰᠢᠭᠯᠠᠬᠤ ᠠᠵᠢᠯ ᠢ ᠰᠠᠶᠢᠲᠤᠷ ᠠᠳᠬᠤᠬᠤ ᠱᠠᠭᠠᠷᠳᠠᠯᠭ᠎ᠠ ᠶᠢ ᠲᠡᠷᠡ | ᠬᠡᠪ ᠢᠶᠠᠷ ᠨᠢ ᠪᠣᠳᠠᠲᠠᠢ ᠳᠤ ᠨᠠᠶᠢᠳᠠᠪᠤᠷᠢᠵᠢᠭᠤᠯᠵᠤ᠂ ᠭᠠᠵᠠᠷ ᠰᠢᠷᠣᠢ᠂ ᠤᠰᠤ᠂ ᠡᠨᠧᠷᠭᠢ ᠶᠢᠨ ᠰᠤᠷᠪᠤᠯᠵᠢ᠂ | ᠠᠭᠤᠷᠬᠠᠢ ᠶᠢᠨ ᠭᠠᠷᠤᠯᠲᠠ᠂ ᠠᠮᠤ ᠪᠤᠳᠠᠭ᠎ᠠ᠂ ᠲᠦᠭᠦᠬᠡᠢ ᠮᠠᠲ᠋ᠧᠷᠢᠶᠠᠯ᠂ ᠬᠥᠮᠥᠨ ᠤ ᠬᠦᠴᠦ᠂ ᠡᠳ᠋ ᠤᠨ ᠵᠠᠰᠠᠭ ᠤᠨ | ᠵᠠᠷᠤᠯᠭ᠎ᠠ ᠵᠡᠷᠭᠡ ᠡᠯ᠎ᠡ ᠬᠦᠷᠢᠶᠡᠨ ᠳᠤ ᠠᠷᠪᠢᠯᠠᠨ ᠭᠠᠮᠨᠠᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠡᠯ᠎ᠡ | ᠲᠦᠷᠦᠯ ᠤᠨ ᠦᠢᠯᠡᠳᠪᠦᠷᠢᠯᠡᠯ ᠤᠨ ᠡᠯᠧᠮᠧᠨ᠋ᠲ ᠢ ᠭᠦᠢᠴᠡᠳ ᠰᠠᠶᠢᠲᠤᠷ ᠠᠰᠢᠭᠯᠠᠬᠤ ᠬᠡᠷᠡᠭᠲᠡᠢ᠃ ︽ᠲᠠᠪᠤᠨ | ᠲᠤᠶᠢᠯᠪᠤᠷᠢᠲᠠᠢ ᠪᠠᠶᠢᠴᠠᠭᠠᠯᠲᠠ ᠶᠢ ᠶᠡᠬᠡᠪᠡᠷ ᠡᠬᠢᠯᠡᠭᠦᠯᠬᠦ︾ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠰᠢᠳᠦ ᠪᠠᠨ | ᠵᠠᠭᠤᠨ᠂ ᠴᠠᠭ ᠲᠤᠬᠠᠢ ᠳᠤᠨᠢ ᠳᠠᠭᠤᠰᠬᠠᠬᠤ ᠬᠡᠷᠡᠭᠲᠡᠢ᠃ ᠬᠤᠳᠠ ᠶᠢᠨ ᠣᠯᠠᠨ ᠠᠵᠢᠯ ᠡᠬᠢᠯᠡᠭᠦᠯᠬᠦ ᠳᠤᠷᠠᠲᠠᠢ᠂ | ᠰᠢᠨ᠎ᠡ ᠬᠤᠳᠠ ᠪᠠᠶᠢᠭᠤᠯᠬᠤ᠂ ᠴᠢᠨᠠᠭᠰᠢᠯᠠᠪᠠᠯ ᠶᠡᠭᠡ ᠬᠡᠪᠴᠢᠶ᠎ᠡ ᠪᠠᠷ ᠥᠷᠢ ᠲᠠᠯᠪᠢᠬᠤ ᠠᠵᠢᠯᠯᠠᠭ᠎ᠠ ᠶᠢ ᠡᠷᠡᠰ | ᠬᠤᠪᠢᠷᠠᠭᠤᠯᠵᠤ᠂ ᠭᠠᠵᠠᠷ ᠰᠢᠷᠣᠢ ᠶᠢᠨ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ | ᠬᠡᠷᠡᠭᠲᠡᠢ᠃ ᠭᠤᠷᠪᠠ ᠳᠤ ᠤᠯᠠᠨ ᠠᠷᠭ᠎ᠠ ᠬᠡᠮᠵᠢᠶ᠎ᠡ ᠬᠡᠷᠡᠭᠯᠡᠨ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ | ᠳᠡᠭᠡᠭᠰᠢᠯᠡᠭᠦᠯᠬᠦ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ | ᠬᠠᠷᠢᠶ᠎ᠠ ᠭᠠᠵᠠᠷ ᠤᠨ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠡᠷᠬᠡ ᠬᠠᠷᠢᠭᠤᠴᠠᠯᠭ᠎ᠠ ᠶᠢᠨ ᠨᠠᠷᠢᠨ | ᠳᠠᠩᠰᠠ ᠶᠢ ᠲᠣᠳᠣᠷᠬᠠᠢ ᠪᠣᠯᠭᠠᠵᠤ᠂ ᠦᠨᠳᠦᠰᠦᠨ ᠱᠠᠲᠤᠨ ᠤ ᠬᠦᠴᠦᠨ ᠢ ᠪᠠᠬᠢᠵᠢᠭᠦᠯᠵᠦ᠂ ᠡᠩᠨᠡᠭᠡ ᠶᠢᠨ | ᠲᠣᠭᠲᠠᠭᠤᠨ ᠪᠠᠶᠢᠳᠠᠯ ᠢ ᠪᠠᠲᠤᠯᠠᠬᠤ ᠬᠡᠷᠡᠭᠲᠡᠢ᠃ ᠳᠥᠷᠪᠡ ᠳᠤ ᠠᠷᠭ᠎ᠠ ᠪᠦᠬᠦᠨ ᠢ ᠰᠦᠪᠡᠭᠴᠢᠯᠡᠨ ᠺᠠᠳ᠋ᠷᠴᠤᠳ ᠤᠨ | ᠬᠠᠷᠢᠭᠤᠴᠠᠯᠭ᠎ᠠ ᠡᠭᠦᠷᠭᠡᠯᠡᠬᠦ ᠶᠢ ᠤᠷᠮᠠᠰᠢᠭᠤᠯᠤᠨ ᠵᠣᠷᠢᠭᠵᠢᠭᠤᠯᠵᠤ ᠵᠢᠳᠬᠦᠯ ᠴᠢᠷᠮᠠᠶᠢᠯᠭ᠎ᠠ ᠭᠠᠷᠭᠠᠬᠤ ᠱᠠᠭᠠᠷᠳᠠᠯᠭ᠎ᠠ ᠶᠢ | ᠪᠣᠳᠠᠲᠠᠢ ᠳᠤ ᠨᠠᠶᠢᠳᠠᠪᠤᠷᠢᠵᠢᠭᠤᠯᠵᠤ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠬᠦ ᠶᠢ ᠲᠤᠰᠬᠠᠢ ᠬᠢᠨᠠᠨ ᠰᠢᠯᠭᠠᠯᠲᠠ | ᠪᠣᠯᠭᠠᠨ ᠥᠷᠨᠢᠭᠦᠯᠵᠦ᠂ ︽ᠪᠣᠳᠠᠲᠠᠢ ᠠᠵᠢᠯᠯᠠᠬᠤ ᠮᠠᠶ᠋ᠢᠭ ᠤᠨ᠂ ᠪᠡᠶ᠎ᠡ ᠪᠠᠨ ᠰᠤᠯᠠ ᠲᠠᠯᠪᠢᠬᠤ ᠮᠠᠶ᠋ᠢᠭ ᠤᠨ᠂ ᠰᠤᠯᠠ | ᠶᠠᠷᠢᠯᠴᠠᠬᠤ ᠮᠠᠶ᠋ᠢᠭ ᠤᠨ︾ ᠺᠠᠳ᠋ᠷ ᠢ ᠦᠨᠡᠯᠡᠨ ᠲᠣᠭᠲᠠᠭᠠᠵᠤ᠂ ᠺᠠᠳ᠋ᠷᠴᠤᠳ ᠤᠨ ︽ᠰᠢᠢᠳᠪᠦᠷᠢᠯᠡᠬᠦ ᠰᠡᠳᠬᠢᠬᠦᠢ︾᠂ | ᠲᠠᠩᠰᠠ ᠲᠤᠰᠢᠶᠠᠬᠤ ᠤᠬᠠᠮᠰᠠᠷ ᠢᠶᠠᠨ ᠴᠢᠩᠭᠠᠳᠬᠠᠬᠤ ᠶᠢ ᠤᠷᠮᠠᠰᠢᠭᠤᠯᠤᠨ ᠵᠢᠯᠤᠭᠤᠳᠴᠤ᠂ ᠡᠯ᠎ᠡ ᠵᠦᠢᠯ ᠤᠨ | ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠱᠠᠭᠠᠷᠳᠠᠭᠰᠠᠨ ᠨᠢ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠵᠠᠬ᠎ᠠ | ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ᠂ ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠬᠤ᠂ ᠠᠶᠤᠯᠭᠦᠢ | ᠦᠢᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠵᠡᠷᠭᠡ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠵᠦ᠂ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠢ ᠪᠠᠲᠤᠯᠠᠵᠤ᠂ ᠪᠦᠬᠦ ᠬᠤᠳᠠ ᠶᠢᠨ ᠠᠷᠠᠳ ᠲᠦᠮᠡᠨ ᠢ | ᠨᠢᠭᠡᠨ ᠪᠠᠶᠠᠷ ᠪᠠᠶᠠᠰᠬᠤᠯᠠᠩ ᠲᠠᠢ ᠥᠯᠵᠡᠢ ᠪᠡᠯᠭᠡ ᠲᠠᠢ ᠴᠠᠭᠠᠨ ᠰᠠᠷ᠎ᠠ ᠶᠢ ᠥᠩᠭᠡᠷᠡᠭᠦᠯᠬᠦ ᠬᠡᠷᠡᠭᠲᠡᠢ ᠭᠡᠵᠡᠢ᠃ | ᠾᠧ ᠬᠠᠢ ᠳ᠋ᠦᠩ᠂ ᠴᠠᠩ ᠫᠧᠢ ᠵᠥᠩ᠂ ᠯᠢ ᠵᠢᠶᠦ᠋ᠩ ᠵᠡᠷᠭᠡ ᠬᠤᠲᠠ ᠶᠢᠨ ᠤᠳᠤᠷᠢᠳᠤᠯᠭ᠎ᠠ ᠵᠢᠴᠢ ᠡᠯ᠎ᠡ | ᠬᠤᠰᠢᠭᠤ ᠰᠢᠶᠠᠨ ᠲᠣᠭᠤᠷᠢᠭ᠂ ᠰᠠᠯᠠᠭ᠎ᠠ ᠮᠥᠴᠢᠷ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ | ᠣᠷᠣᠯᠴᠠᠵᠠᠢ᠃ |