| | | 1 ᠰᠠᠷ᠎ᠠ ᠶᠢᠨ 15 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠱᠠᠨᠳᠦ᠋ᠩ ᠤᠨ | ᠰᠢᠶᠠᠩ ᠶᠤᠸᠠᠨ ᠷᠦᠨ ᠹᠧᠩ ᠬᠥᠭᠵᠢᠭᠦᠯᠦᠯᠲᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ | ᠮᠡᠳᠡᠭᠴᠢᠳ ᠤᠨ ᠳᠠᠷᠤᠭ᠎ᠠ ᠯᠢᠦ ᠵᠢᠶᠧ ᠪᠣᠯᠣᠨ ᠪᠡᠭᠡᠵᠢᠩ ᠤᠨ ᠸᠠᠨ ᠾᠧ ᠴᠤᠸᠠᠩ ᠵᠢᠩ ᠤᠯᠠᠨ ᠤᠯᠤᠰ ᠤᠨ | ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ ᠶᠢᠨ | ᠳᠠᠷᠤᠭ᠎ᠠ ᠾᠧ ᠵᠢᠩ ᠨᠠᠷ ᠲᠠᠢ ᠠᠭᠤᠯᠵᠠᠵᠤ᠂ ᠭᠤᠷᠪᠠᠨ ᠲᠠᠯ᠎ᠠ ᠪᠠᠷ ᠢᠶᠠᠨ ᠦᠴᠦᠸᠠᠨ ᠰᠢᠶᠠᠨ ᠤ ᠲᠠᠷᠢᠶᠠᠯᠠᠩ | ᠵᠤᠭᠠᠴᠠᠯ ᠤᠨ ᠠᠭᠤᠰᠤᠯᠴᠠᠯ ᠤᠨ ᠲᠦᠷᠦᠯ ᠵᠦᠢᠯ ᠤᠨ ᠬᠠᠮᠲᠤᠷᠠᠯᠴᠠᠭ᠎ᠠ ᠶᠢᠨ ᠲᠤᠬᠠᠢ ᠶᠠᠷᠢᠯᠴᠠᠵᠤ ᠰᠠᠨᠠᠯ ᠢᠶᠠᠨ | ᠰᠣᠯᠢᠯᠴᠠᠪᠠ᠃ | ᠰᠢᠶᠠᠨ ᠤ ᠤᠳᠤᠷᠢᠳᠤᠯᠭ᠎ᠠ ᠷᠧᠨ ᠶᠠᠨ ᠰᠢᠶᠠᠩ᠂ ᠼᠦᠢ ᠵᠧᠨ ᠬᠤᠸᠠ᠂ ᠵᠠᠩ ᠵᠢᠶᠧ ᠵᠢᠴᠢ ᠬᠤᠯᠪᠣᠭᠳᠠᠯ | ᠪᠦᠬᠦᠢ ᠨᠢᠭᠡᠴᠡ᠂ ᠰᠢᠶᠠᠩ ᠪᠠᠯᠭᠠᠰᠤᠨ ᠤ ᠬᠠᠷᠢᠭᠤᠴᠠᠯᠭᠠᠲᠠᠳ ᠶᠠᠷᠢᠯᠴᠠᠬᠤ ᠬᠤᠷᠠᠯ ᠳᠤ ᠣᠷᠣᠯᠴᠠᠪᠠ᠃ | ᠶᠠᠷᠢᠯᠴᠠᠬᠤ ᠬᠤᠷᠠᠯ ᠳᠡᠭᠡᠷ᠎ᠡ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠷᠧᠨ ᠶᠠᠨ ᠰᠢᠶᠠᠩ ᠲᠠᠷᠢᠶᠠᠯᠠᠩ ᠵᠤᠭᠠᠴᠠᠯ ᠢ ᠠᠭᠤᠰᠤᠯᠴᠠᠭᠤᠯᠬᠤ ᠲᠦᠷᠦᠯ ᠵᠦᠢᠯ ᠤᠨ | ᠲᠦᠷᠦᠯ ᠵᠦᠢᠯ ᠲᠣᠭᠲᠠᠭᠠᠬᠤ᠂ ᠭᠡᠷ᠎ᠡ ᠲᠣᠭᠲᠠᠬᠤ ᠠᠮᠠᠯᠠᠯᠲᠠ ᠶᠢᠨ ᠪᠢᠴᠢᠭ ᠵᠡᠷᠭᠡ ᠠᠵᠢᠯ ᠤᠨ ᠪᠠᠶᠢᠳᠠᠯ ᠢᠶᠠᠨ ᠬᠠᠷᠢᠭᠤ | ᠮᠡᠳᠡᠭᠦᠯᠵᠡᠢ᠃ | ᠶᠠᠩ ᠰᠢᠩ ᠱᠧᠩ᠂ ᠯᠢᠦ ᠵᠢᠶᠧ᠂ ᠾᠧ ᠵᠢᠩ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ | ᠪᠠᠶᠢᠬᠤ ᠪᠠᠨ ᠢᠯᠡᠳᠬᠡᠪᠡ᠃ᠲᠡᠷᠡ᠂ ᠦᠴᠦᠸᠠᠨ ᠰᠢᠶᠠᠨ ᠤ ᠵᠠᠮ ᠬᠠᠷᠢᠯᠴᠠᠭᠠᠨ ᠤ ᠣᠷᠣᠨ ᠪᠠᠶᠢᠷᠢ ᠶᠢᠨ ᠳᠠᠪᠠᠭᠤᠯᠢᠭ | ᠢᠯᠡᠷᠬᠡᠢ᠂ ᠲᠡᠦᠬᠡ ᠰᠣᠶᠣᠯ ᠤᠨ ᠰᠠᠭᠤᠷᠢ ᠭᠦᠨ ᠵᠤᠵᠠᠭᠠᠨ᠂ ᠵᠤᠭᠠᠴᠠᠯ ᠤᠨ ᠡᠬᠢ ᠪᠠᠶᠠᠯᠢᠭ ᠤᠨ ᠡᠵᠡᠩᠨᠡᠯᠲᠡ ᠶᠢᠨ | ᠬᠡᠯᠪᠡᠷᠢ ᠪᠠᠶᠢᠳᠠᠯ ᠡᠯᠪᠡᠭ᠂ ᠪᠠᠶᠢᠭᠠᠯᠢ ᠶᠢᠨ ᠠᠮᠢ ᠠᠬᠤᠢ ᠶᠢᠨ ᠣᠷᠴᠢᠨ ᠲᠣᠭᠤᠷᠢᠨ ᠰᠠᠶᠢᠨ ᠪᠠᠶᠢᠵᠤ᠂ ᠬᠠᠮᠤᠭ ᠤᠨ | ᠰᠠᠶᠢᠨ ᠵᠤᠰᠠᠯᠠᠩ ᠤᠨ ᠵᠤᠭᠠᠴᠠᠯ ᠤᠨ ᠭᠠᠵᠠᠷ ᠪᠣᠯᠣᠨ᠎ᠠ᠂ ᠰᠣᠯᠢᠯᠴᠠᠭ᠎ᠠ ᠬᠠᠮᠲᠤᠷᠠᠯᠴᠠᠭ᠎ᠠ ᠪᠠᠷ ᠳᠠᠮᠵᠢᠨ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠠᠷᠢᠶᠠᠯᠠᠩ ᠵᠤᠭᠠᠴᠠᠯ ᠢ ᠠᠭᠤᠰᠤᠯᠴᠠᠭᠤᠯᠬᠤ ᠲᠦᠷᠦᠯ ᠵᠦᠢᠯ ᠤᠨ | ᠪᠡᠯᠡ ᠣᠷᠣᠭᠤᠯᠤᠯᠲᠠ ᠶᠢᠨ ᠲᠣᠭᠤᠷᠢᠨ ᠳᠤ ᠦᠢᠯᠡᠴᠢᠯᠡᠬᠦ ᠪᠠ ᠵᠢᠯᠤᠭᠤᠳᠬᠤ ᠠᠵᠢᠯ ᠢ ᠰᠠᠶᠢᠲᠤᠷ ᠬᠢᠵᠦ᠂ ᠠᠵᠤ | ᠠᠬᠤᠶᠢᠯᠠᠯ ᠲᠠᠢ ᠪᠦᠬᠦ ᠬᠦᠴᠦᠨ ᠢᠶᠠᠷ ᠢᠶᠠᠨ ᠬᠠᠮᠵᠢᠯᠴᠠᠨ ᠲᠦᠷᠦᠯ ᠵᠦᠢᠯ ᠤᠨ ᠠᠰᠢᠭᠯᠠᠯᠲᠠ ᠳᠤ ᠣᠷᠣᠬᠤ ᠶᠢ | ᠲᠦᠷᠭᠡᠨ ᠠᠬᠢᠭᠤᠯᠤᠨ᠎ᠠ ᠭᠡᠵᠦ ᠢᠯᠡᠳᠬᠡᠪᠡ᠃ | ᠬᠤᠶᠠᠷ ᠲᠠᠯ᠎ᠠ ᠶᠢᠨ ᠬᠤᠳᠠᠯᠳᠤᠭᠠᠴᠢᠨ ᠢᠯᠡᠷᠬᠡᠶᠢᠯᠡᠬᠦ ᠳᠡᠭᠡᠨ᠂ ᠦᠴᠦᠸᠠᠨ ᠰᠢᠶᠠᠨ ᠤ ᠵᠢᠭᠤᠯᠴᠢᠯᠠᠯ ᠤᠨ ᠡᠬᠢ | ᠪᠠᠶᠠᠯᠢᠭ ᠡᠯᠪᠡᠭ ᠳᠡᠯᠪᠡᠭ᠂ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ ᠪᠠᠶᠢᠵᠤ᠂ ᠦᠴᠦᠸᠠᠨ ᠰᠢᠶᠠᠨ ᠳᠤ | ᠪᠡᠯᠡ ᠣᠷᠣᠭᠤᠯᠤᠨ ᠬᠥᠭᠵᠢᠭᠦᠯᠬᠦ ᠳᠤ ᠢᠲᠡᠭᠡᠯ ᠳᠦᠭᠦᠷᠡᠩ ᠪᠠᠶᠢᠨ᠎ᠠ ᠭᠡᠵᠡᠢ᠃ᠲᠠᠷᠠᠭᠠᠴᠢ ᠶᠢᠨ ᠠᠯᠬᠤᠮ ᠳᠤ ᠲᠣᠰ | ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠠᠷᠢᠶᠠᠯᠠᠩ ᠪᠠ ᠵᠢᠭᠤᠯᠴᠢᠯᠠᠯ ᠢ ᠠᠭᠤᠰᠤᠯᠴᠠᠭᠤᠯᠤᠨ | ᠬᠥᠭᠵᠢᠭᠦᠯᠬᠦ ᠲᠣᠬᠢᠷᠠᠮᠵᠢᠲᠠᠢ ᠴᠢᠭᠯᠡᠯ ᠢ ᠢᠳᠡᠪᠬᠢᠲᠡᠢ ᠪᠠᠷ ᠡᠷᠢᠯᠬᠢᠯᠡᠵᠦ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ | ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠶᠢᠨ ᠬᠠᠮᠲᠤ ᠶᠢᠨ | ᠪᠦᠲᠦᠭᠡᠨ ᠪᠠᠶᠢᠭᠤᠯᠤᠯᠲᠠ ᠶᠢᠨ ᠳᠠᠬᠢᠨ ᠨᠢᠭᠡ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠪᠡ᠃︵ᠯᠢᠦ ᠪᠠᠢ | ᠢᠦᠢ᠂ ᠯᠢᠦ ᠰᠢᠶᠣᠣ ᠴᠢᠶᠠᠩ︶ | | |