ᠬᠠᠷᠠᠭᠤᠯ ᠪᠠᠯᠭᠠᠰᠤ ᠴᠠᠭᠠᠨ ᠰᠠᠷ᠎ᠠ  ᠶᠢᠨ ᠲᠣᠬᠤᠨᠢᠭᠤᠯᠬᠤ ᠠᠵᠢᠯᠯᠠᠭ᠎ᠠ  ᠶᠢ ᠥᠷᠨᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2023/1/17
     ᠳᠤᠮᠳᠠᠳᠤ   ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠤᠨ ᠰᠠᠶᠢᠬᠠᠨ ᠰᠤᠷᠲᠠᠯ   ᠢ ᠪᠠᠳᠠᠷᠠᠭᠤᠯᠤᠨ ᠳᠡᠯᠭᠡᠷᠡᠭᠦᠯᠵᠦ᠂ ᠨᠠᠮ ᠪᠠ ᠣᠯᠠᠨ ᠲᠦᠮᠡᠨ ᠤ ᠬᠠᠷᠢᠴᠠᠭ᠎ᠠ   ᠶᠢ ᠤᠯᠠᠮ ᠨᠢᠭᠡ ᠠᠯᠬᠤᠮ ᠴᠢᠩᠭᠠᠳᠬᠠᠨ᠂ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠤ᠂ ᠢᠲᠡᠭᠡᠯᠴᠡᠭᠡ ᠪᠠᠨ ᠨᠡᠮᠡᠭᠳᠡᠭᠦᠯᠦᠨ᠂ ᠬᠦᠴᠢᠷᠳᠡᠯ ᠲᠠᠢ ᠣᠯᠠᠨ ᠲᠦᠮᠡᠨ ᠤ ᠥᠯᠵᠡᠢ ᠪᠡᠯᠭᠡ ᠲᠠᠢ ᠬᠠᠯᠠᠭᠤᠨ ᠪᠦᠯᠢᠶᠡᠨ ᠴᠠᠭᠠᠨ ᠰᠠᠷ᠎ᠠ   ᠶᠢ ᠥᠩᠭᠡᠷᠡᠭᠦᠯᠬᠦ   ᠶᠢ ᠦᠨᠡᠨᠬᠦ ᠪᠠᠲᠤᠯᠠᠬᠤ ᠶᠢᠨ ᠲᠤᠯᠠᠲᠠ᠂ᠣᠶᠢᠷ᠎ᠠ ᠶᠢᠨ ᠡᠳᠦᠷ ᠤᠳ ᠲᠤ᠂ ᠬᠠᠷᠠᠭᠤᠯ ᠪᠠᠯᠭᠠᠰᠤᠨ ᠤ ᠬᠢᠨ ᠴᠠᠭᠠᠨ ᠰᠠᠷ᠎ᠠ ᠶᠢᠨ ᠠᠶᠢᠯᠴᠢᠯᠠᠯᠲᠠ ᠶᠢᠨ ᠲᠣᠬᠤᠨᠢᠭᠤᠯᠬᠤ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠪᠠᠯᠭᠠᠰᠤᠨ ᠤ ᠶᠠᠳᠠᠭᠤ ᠬᠦᠴᠢᠷᠳᠡᠯᠲᠡᠢ ᠨᠠᠮ ᠤᠨ ᠭᠡᠰᠢᠭᠦᠨ᠂ ᠶᠠᠳᠠᠭᠤ ᠬᠦᠴᠢᠷᠳᠡᠯᠲᠡᠢ ᠣᠯᠠᠨ ᠲᠦᠮᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠠᠭᠠᠨ ᠰᠠᠷ᠎ᠠ ᠶᠢᠨ ᠰᠠᠶᠢᠨ ᠰᠠᠶᠢᠬᠠᠨ ᠢᠷᠦᠭᠡᠯ ᠳᠡᠪᠰᠢᠭᠦᠯᠪᠡ᠃
     ᠡᠪᠦᠯ ᠤᠨ ᠬᠦᠢᠲᠡᠨ ᠳᠤ ᠬᠠᠯᠠᠭᠤᠨ ᠳᠤᠯᠠᠭᠠᠨ ᠬᠦᠷᠭᠡᠵᠦ᠂ ᠦᠨᠡᠨ ᠰᠡᠳᠬᠢᠯᠭᠡ ᠬᠥᠮᠥᠨ ᠤ ᠰᠡᠳᠬᠢᠯ ᠢ ᠳᠤᠯᠠᠭᠠᠴᠠᠭᠤᠯᠤᠨ᠎ᠠ᠃ᠴᠠᠭᠠᠨ ᠰᠠᠷ᠎ᠠ ᠠᠴᠠ ᠡᠮᠦᠨᠡᠬᠡᠨ᠂ ᠬᠤᠳᠠ ᠶᠢᠨ ᠵᠠᠮ ᠬᠠᠷᠢᠯᠴᠠᠭᠠᠨ ᠤ ᠪᠦᠯᠦᠭᠯᠡᠯ ᠤᠨ ᠬᠢᠨ ᠦᠴᠦᠸᠠᠨ ᠰᠢᠶᠠᠨ ᠤ ᠬᠠᠷᠠᠭᠤᠯ ᠪᠠᠯᠭᠠᠰᠤᠨ ᠳᠤ ᠭᠦᠨᠵᠡᠭᠡᠶᠢᠷᠡᠨ ᠬᠦᠴᠢᠷᠳᠡᠯᠲᠡᠢ ᠤᠯᠠᠨ ᠲᠦᠮᠡᠨ ᠢ ᠲᠣᠬᠤᠨᠢᠭᠤᠯᠵᠤ᠂ ᠬᠦᠴᠢᠷᠳᠡᠯᠲᠡᠢ ᠤᠯᠠᠨ ᠲᠦᠮᠡᠨ ᠳᠤ ᠠᠮᠤ ᠪᠤᠳᠠᠭ᠎ᠠ ᠭᠤᠯᠢᠷ ᠲᠣᠰᠣ ᠵᠡᠷᠭᠡ ᠠᠮᠢᠳᠤᠷᠠᠯ ᠤᠨ ᠡᠳ᠋ ᠪᠣᠳᠠᠰ ᠬᠦᠷᠭᠡᠬᠦ ᠶᠢᠨ ᠬᠠᠮᠲᠤ ᠲᠡᠳᠡᠨ ᠤ ᠪᠡᠶ᠎ᠡ ᠮᠠᠬᠠᠪᠤᠳ ᠪᠣᠯᠣᠨ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠬᠤ ᠶᠢᠨ ᠬᠠᠮᠲᠤ ᠴᠠᠭᠠᠨ ᠰᠠᠷ᠎ᠠ ᠶᠢᠨ ᠮᠡᠨᠳᠦᠴᠢᠯᠡᠯ ᠳᠡᠪᠰᠢᠭᠦᠯᠵᠡᠢ︕     ᠴᠧ ᠫᠦ᠋ ᠲᠣᠰᠬᠤᠨ ᠤ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡᠨ ᠤ ᠰᠠᠯᠪᠤᠷᠢ ᠪᠠᠭ᠎ᠠ ᠠᠩᠭᠢ ᠶᠢᠨ ᠬᠢᠨ ᠴᠠᠭᠠᠨ ᠰᠠᠷ᠎ᠠ ᠶᠢᠨ ᠲᠣᠬᠤᠨᠢᠭᠤᠯᠬᠤ ᠠᠵᠢᠯᠯᠠᠭ᠎ᠠ ᠥᠷᠨᠢᠭᠦᠯᠵᠡᠢ᠃ᠠᠬᠠᠮᠠᠳ ᠨᠠᠮ ᠤᠨ ᠭᠡᠰᠢᠭᠦᠨ᠂ ᠬᠦᠴᠢᠷᠳᠡᠯᠲᠡᠢ ᠣᠯᠠᠨ ᠲᠦᠮᠡᠨ ᠤ ᠭᠡᠷ ᠲᠤ ᠭᠦᠨᠵᠡᠭᠡᠶᠢᠷᠡᠵᠦ᠂ ᠲᠡᠳᠡᠨ ᠳᠤ ᠨᠢᠭᠡ ᠵᠢᠯ ᠤᠨ ᠲᠤᠷᠰᠢᠬᠢ ᠬᠠᠷᠠᠭᠤᠯ ᠪᠠᠯᠭᠠᠰᠤᠨ ᠤ ᠬᠥᠭᠵᠢᠯᠲᠡ ᠶᠢ ᠲᠠᠨᠢᠯᠴᠠᠭᠤᠯᠵᠤ᠂ ᠠᠬᠠᠮᠠᠳ ᠨᠠᠮ ᠤᠨ ᠭᠡᠰᠢᠭᠦᠨ᠂ ᠠᠬᠠᠮᠠᠳ ᠺᠠᠳ᠋ᠷᠴᠤᠳ ᠤᠨ ᠦᠷᠭᠦᠯᠵᠢᠯᠡᠨ ᠦᠯᠡᠳᠡᠪᠦᠷᠢ ᠢᠯᠴᠢ ᠪᠠᠨ ᠪᠠᠳᠠᠷᠠᠭᠤᠯᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠪᠠᠯᠭᠠᠰᠤᠨ ᠤ ᠵᠠᠰᠠᠭ ᠤᠨ ᠣᠷᠳᠣᠨ ᠤ ᠠᠵᠢᠯ ᠢ ᠳᠡᠮᠵᠢᠵᠦ᠂ ᠬᠠᠷᠠᠭᠤᠯ ᠪᠠᠯᠭᠠᠰᠤᠨ ᠤ ᠬᠥᠭᠵᠢᠯᠲᠡ ᠳᠤ ᠠᠷᠭ᠎ᠠ ᠤᠬᠠᠭᠠᠨ ᠭᠠᠷᠭᠠᠬᠤ ᠶᠢ ᠬᠦᠰᠡᠵᠦ ᠪᠠᠶᠢᠬᠤ ᠪᠠᠨ ᠢᠯᠡᠳᠬᠡᠪᠡ᠃
     ᠡᠭᠦᠨ ᠤ ᠬᠠᠮᠲᠤ ᠡᠯ᠎ᠡ ᠭᠠᠴᠠᠭᠠᠨ ᠤ ᠠᠷᠠᠳ ᠤᠨ ᠵᠥᠪᠯᠡᠯ ᠢᠳᠡᠪᠬᠢᠲᠡᠢ ᠪᠠᠷ ᠡᠷᠦᠬᠡ ᠳᠤ ᠣᠷᠣᠵᠤ ᠬᠦᠴᠢᠷᠳᠡᠯᠲᠡᠢ ᠣᠯᠠᠨ ᠲᠦᠮᠡᠨ ᠤ ᠭᠡᠷ ᠪᠦᠯᠢ ᠶᠢᠨ ᠪᠠᠶᠢᠳᠠᠯ᠂ ᠪᠡᠶ᠎ᠡ ᠮᠠᠬᠠᠪᠤᠳ ᠤᠨ ᠪᠠᠶᠢᠳᠠᠯ ᠢ ᠣᠶᠢᠯᠠᠭᠠᠨ᠂ ᠲᠡᠳᠡᠨ ᠤ ᠠᠮᠢᠳᠤᠷᠠᠯ ᠤᠨ ᠳᠤᠮᠳᠠᠬᠢ ᠰᠢᠢᠳᠪᠦᠷᠢᠯᠡᠬᠦ ᠴᠢᠬᠤᠯᠠᠲᠠᠢ ᠪᠣᠳᠠᠲᠠᠢ ᠠᠰᠠᠭᠤᠳᠠᠯ ᠢ ᠠᠰᠠᠭᠤᠨ ᠯᠠᠪᠯᠠᠵᠤ᠂ ᠵᠣᠭᠤᠭᠳᠠᠨ ᠶᠠᠷᠢᠯᠴᠠᠬᠤ ᠪᠠᠷ ᠳᠠᠮᠵᠢᠭᠤᠯᠤᠨ᠂ ᠲᠡᠳᠡᠨ ᠢ ᠪᠠᠶᠠᠰᠤᠩᠭᠤᠢ ᠥᠭᠡᠳᠡᠷᠬᠡᠭ ᠰᠡᠳᠬᠢᠯᠭᠡ ᠲᠠᠢ ᠪᠠᠶᠢᠬᠤ ᠶᠢ ᠵᠣᠷᠢᠭᠵᠢᠭᠤᠯᠬᠤ ᠶᠢᠨ ᠬᠠᠮᠲᠤ ᠠᠮᠢᠳᠤᠷᠠᠯ ᠤᠨ ᠲᠣᠬᠤᠨᠢᠭᠤᠯᠬᠤ ᠪᠣᠳᠠᠰ ᠬᠦᠷᠭᠡᠵᠦ᠂ ᠲᠡᠳᠡᠨ ᠳᠤ ᠵᠠᠪᠠᠯ ᠬᠥᠯᠳᠡᠬᠦ ᠠᠴᠠ ᠰᠡᠷᠭᠡᠶᠢᠯᠡᠵᠦ ᠳᠤᠯᠠᠭᠠᠯᠠᠬᠤ ᠶᠢ ᠠᠩᠬᠠᠷᠴᠤ᠂ ᠪᠡᠶ᠎ᠡ ᠪᠠᠨ ᠭᠠᠮᠨᠠᠬᠤ ᠶᠢᠨ ᠬᠠᠮᠲᠤ ᠴᠠᠭᠠᠨ ᠰᠠᠷ᠎ᠠ ᠶᠢᠨ ᠢᠷᠦᠭᠡᠯ ᠬᠦᠷᠭᠡᠬᠦ ᠬᠡᠷᠡᠭᠲᠡᠢ ᠭᠡᠵᠦ ᠵᠠᠬᠢᠭᠰᠠᠨ ᠪᠠᠶᠢᠨ᠎ᠠ᠃ ᠡᠨᠡ ᠤᠳᠠᠭᠠᠨ ᠤ ᠴᠠᠭᠠᠨ ᠰᠠᠷ᠎ᠠ   ᠶᠢᠨ ᠲᠣᠬᠤᠨᠢᠭᠤᠯᠤᠯ ᠳᠤ᠂ ᠬᠠᠷᠠᠭᠤᠯ ᠪᠠᠯᠭᠠᠰᠤᠨ ᠤ ᠬᠢᠨ ᠡᠷᠭᠢᠨ ᠦᠵᠡᠵᠦ ᠲᠣᠬᠤᠨᠢᠭᠤᠯᠬᠤ ᠬᠡᠯᠪᠡᠷᠢ ᠪᠠᠷ ᠣᠯᠠᠨ ᠲᠦᠮᠡᠨ ᠤ ᠠᠮᠢᠳᠤᠷᠠᠯ ᠤᠨ ᠬᠡᠷᠡᠭᠴᠡᠭᠡ   ᠶᠢ ᠨᠠᠷᠢᠨ ᠣᠶᠢᠯᠠᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠪᠠ ᠣᠯᠠᠨ ᠲᠦᠮᠡᠨ ᠤ ᠬᠠᠷᠢᠯᠴᠠᠭ᠎ᠠ   ᠶᠢ ᠣᠶᠢᠷᠠᠲᠤᠭᠤᠯᠵᠤ᠂ ᠣᠯᠠᠨ ᠲᠦᠮᠡᠨ ᠳᠤ ᠨᠠᠮ ᠤᠨ ᠬᠠᠶᠢᠷ᠎ᠠ ᠬᠠᠯᠠᠮᠵᠢ   ᠶᠢ ᠦᠨᠡᠨ ᠰᠡᠳᠬᠢᠯ ᠠᠴᠠ ᠪᠠᠨ ᠮᠡᠳᠡᠷᠡᠭᠦᠯᠵᠡᠢ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号