ᠦᠴᠦᠸᠠᠨ ᠰᠢᠶᠠᠨ ᠲᠠᠷᠢᠶᠠᠯᠠᠩ ᠵᠤᠭᠠᠴᠠᠯ ᠢ ᠠᠭᠤᠰᠤᠯᠴᠠᠭᠤᠯᠬᠤ ᠲᠦᠷᠦᠯ ᠵᠦᠢᠯ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/1/17
    1 ᠰᠠᠷ᠎ᠠ ᠶᠢᠨ 15  ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠱᠠᠨᠳᠦ᠋ᠩ ᠤᠨ ᠰᠢᠶᠠᠩ ᠶᠤᠸᠠᠨ ᠷᠦᠨ ᠹᠧᠩ ᠬᠥᠭᠵᠢᠭᠦᠯᠦᠯᠲᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢᠦ ᠵᠢᠶᠧ ᠪᠣᠯᠣᠨ ᠪᠡᠭᠡᠵᠢᠩ ᠤᠨ ᠸᠠᠨ ᠾᠧ ᠴᠤᠸᠠᠩ ᠵᠢᠩ ᠤᠯᠠᠨ ᠤᠯᠤᠰ ᠤᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ ᠶᠢᠨ ᠳᠠᠷᠤᠭ᠎ᠠ ᠾᠧ ᠵᠢᠩ ᠨᠠᠷ ᠲᠠᠢ ᠠᠭᠤᠯᠵᠠᠵᠤ᠂ ᠭᠤᠷᠪᠠᠨ ᠲᠠᠯ᠎ᠠ ᠪᠠᠷ ᠢᠶᠠᠨ ᠦᠴᠦᠸᠠᠨ ᠰᠢᠶᠠᠨ ᠤ ᠲᠠᠷᠢᠶᠠᠯᠠᠩ ᠵᠤᠭᠠᠴᠠᠯ ᠤᠨ ᠠᠭᠤᠰᠤᠯᠴᠠᠯ ᠤᠨ ᠲᠦᠷᠦᠯ ᠵᠦᠢᠯ ᠤᠨ ᠬᠠᠮᠲᠤᠷᠠᠯᠴᠠᠭ᠎ᠠ ᠶᠢᠨ ᠲᠤᠬᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠰᠢᠶᠠᠨ ᠤ ᠤᠳᠤᠷᠢᠳᠤᠯᠭ᠎ᠠ ᠷᠧᠨ ᠶᠠᠨ ᠰᠢᠶᠠᠩ᠂ ᠼᠦᠢ ᠵᠧᠨ ᠬᠤᠸᠠ᠂ ᠵᠠᠩ ᠵᠢᠶᠧ ᠵᠢᠴᠢ ᠬᠤᠯᠪᠣᠭᠳᠠᠯ ᠪᠦᠬᠦᠢ ᠨᠢᠭᠡᠴᠡ᠂ ᠰᠢᠶᠠᠩ ᠪᠠᠯᠭᠠᠰᠤᠨ ᠤ ᠬᠠᠷᠢᠭᠤᠴᠠᠯᠭᠠᠲᠠᠳ ᠶᠠᠷᠢᠯᠴᠠᠬᠤ ᠬᠤᠷᠠᠯ ᠳᠤ ᠣᠷᠣᠯᠴᠠᠪᠠ᠃ᠶᠠᠷᠢᠯᠴᠠᠬᠤ ᠬᠤᠷᠠᠯ ᠳᠡᠭᠡᠷ᠎ᠡ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠷᠧᠨ ᠶᠠᠨ ᠰᠢᠶᠠᠩ ᠲᠠᠷᠢᠶᠠᠯᠠᠩ ᠵᠤᠭᠠᠴᠠᠯ ᠢ ᠠᠭᠤᠰᠤᠯᠴᠠᠭᠤᠯᠬᠤ ᠲᠦᠷᠦᠯ ᠵᠦᠢᠯ ᠤᠨ ᠲᠦᠷᠦᠯ ᠵᠦᠢᠯ ᠲᠣᠭᠲᠠᠭᠠᠬᠤ᠂ ᠭᠡᠷ᠎ᠡ ᠲᠣᠭᠲᠠᠬᠤ ᠠᠮᠠᠯᠠᠯᠲᠠ ᠶᠢᠨ ᠪᠢᠴᠢᠭ ᠵᠡᠷᠭᠡ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠵᠡᠢ᠃      ᠶᠠᠩ ᠰᠢᠩ ᠱᠧᠩ᠂  ᠯᠢᠦ ᠵᠢᠶᠧ᠂ ᠾᠧ ᠵᠢᠩ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ᠲᠡᠷᠡ᠂ ᠦᠴᠦᠸᠠᠨ ᠰᠢᠶᠠᠨ ᠤ ᠵᠠᠮ ᠬᠠᠷᠢᠯᠴᠠᠭᠠᠨ ᠤ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ᠂ ᠲᠡᠦᠬᠡ ᠰᠣᠶᠣᠯ ᠤᠨ ᠰᠠᠭᠤᠷᠢ ᠭᠦᠨ ᠵᠤᠵᠠᠭᠠᠨ᠂ ᠵᠤᠭᠠᠴᠠᠯ ᠤᠨ ᠡᠬᠢ ᠪᠠᠶᠠᠯᠢᠭ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠡᠯᠪᠡᠭ᠂ ᠪᠠᠶᠢᠭᠠᠯᠢ ᠶᠢᠨ ᠠᠮᠢ ᠠᠬᠤᠢ ᠶᠢᠨ ᠣᠷᠴᠢᠨ ᠲᠣᠭᠤᠷᠢᠨ ᠰᠠᠶᠢᠨ ᠪᠠᠶᠢᠵᠤ᠂ ᠬᠠᠮᠤᠭ ᠤᠨ ᠰᠠᠶᠢᠨ ᠵᠤᠰᠠᠯᠠᠩ ᠤᠨ ᠵᠤᠭᠠᠴᠠᠯ ᠤᠨ ᠭᠠᠵᠠᠷ ᠪᠣᠯᠣᠨ᠎ᠠ᠂ ᠰᠣᠯᠢᠯᠴᠠᠭ᠎ᠠ ᠬᠠᠮᠲᠤᠷᠠᠯᠴᠠᠭ᠎ᠠ ᠪᠠᠷ ᠳᠠᠮᠵᠢᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠠᠷᠢᠶᠠᠯᠠᠩ ᠵᠤᠭᠠᠴᠠᠯ ᠢ ᠠᠭᠤᠰᠤᠯᠴᠠᠭᠤᠯᠬᠤ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠲᠣᠭᠤᠷᠢᠨ ᠳᠤ ᠦᠢᠯᠡᠴᠢᠯᠡᠬᠦ ᠪᠠ ᠵᠢᠯᠤᠭᠤᠳᠬᠤ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠲᠠᠢ ᠪᠦᠬᠦ ᠬᠦᠴᠦᠨ ᠢᠶᠠᠷ ᠢᠶᠠᠨ ᠬᠠᠮᠵᠢᠯᠴᠠᠨ ᠲᠦᠷᠦᠯ ᠵᠦᠢᠯ ᠤᠨ ᠠᠰᠢᠭᠯᠠᠯᠲᠠ ᠳᠤ ᠣᠷᠣᠬᠤ ᠶᠢ ᠲᠦᠷᠭᠡᠨ ᠠᠬᠢᠭᠤᠯᠤᠨ᠎ᠠ ᠭᠡᠵᠦ ᠢᠯᠡᠳᠬᠡᠪᠡ᠃      ᠬᠤᠶᠠᠷ ᠲᠠᠯ᠎ᠠ ᠶᠢᠨ ᠬᠤᠳᠠᠯᠳᠤᠭᠠᠴᠢᠨ ᠢᠯᠡᠷᠬᠡᠶᠢᠯᠡᠬᠦ ᠳᠡᠭᠡᠨ᠂ ᠦᠴᠦᠸᠠᠨ ᠰᠢᠶᠠᠨ ᠤ ᠵᠢᠭᠤᠯᠴᠢᠯᠠᠯ ᠤᠨ ᠡᠬᠢ ᠪᠠᠶᠠᠯᠢᠭ ᠡᠯᠪᠡᠭ ᠳᠡᠯᠪᠡᠭ᠂ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ ᠪᠠᠶᠢᠵᠤ᠂ ᠦᠴᠦᠸᠠᠨ ᠰᠢᠶᠠᠨ ᠳᠤ ᠪᠡᠯᠡ ᠣᠷᠣᠭᠤᠯᠤᠨ ᠬᠥᠭᠵᠢᠭᠦᠯᠬᠦ ᠳᠤ ᠢᠲᠡᠭᠡᠯ ᠳᠦᠭᠦᠷᠡᠩ ᠪᠠᠶᠢᠨ᠎ᠠ ᠭᠡᠵᠡᠢ᠃ᠲᠠᠷᠠᠭᠠᠴᠢ ᠶᠢᠨ ᠠᠯᠬᠤᠮ ᠳᠤ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠠᠷᠢᠶᠠᠯᠠᠩ ᠪᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠲᠣᠬᠢᠷᠠᠮᠵᠢᠲᠠᠢ ᠴᠢᠭᠯᠡᠯ ᠢ ᠢᠳᠡᠪᠬᠢᠲᠡᠢ ᠪᠠᠷ ᠡᠷᠢᠯᠬᠢᠯᠡᠵᠦ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠶᠢᠨ ᠬᠠᠮᠲᠤ ᠶᠢᠨ ᠪᠦᠲᠦᠭᠡᠨ ᠪᠠᠶᠢᠭᠤᠯᠤᠯᠲᠠ ᠶᠢᠨ ᠳᠠᠬᠢᠨ ᠨᠢᠭᠡ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠪᠡ᠃︵ᠯᠢᠦ ᠪᠠᠢ ᠢᠦᠢ᠂ ᠯᠢᠦ ᠰᠢᠶᠣᠣ ᠴᠢᠶᠠᠩ︶
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号