ᠮᠠᠨ ᠤ ᠬᠤᠲᠠ ᠣᠷᠣᠨ ᠤ ᠲᠥᠪ ᠬᠤᠲᠠ ᠶᠢ ᠬᠦᠴᠦᠷᠬᠡᠭᠵᠢᠭᠦᠯᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠬᠦ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/1/29
ᠪᠣᠣ ᠭᠠᠩ ᠬᠤᠷᠠᠯ ᠢ ᠡᠷᠬᠢᠯᠡᠨ ᠶᠠᠷᠢᠶ᠎ᠠ ᠲᠠᠯᠪᠢᠵᠠᠢ ᠾᠧ ᠬᠠᠢ ᠳ᠋ᠦᠩ   ᠴᠠᠩ ᠫᠧᠢ ᠵᠦᠩ  ᠯᠢ ᠵᠢᠶᠦ᠋ᠩ ᠣᠷᠣᠯᠴᠠᠵᠠᠢ      ︵ᠰᠤᠷᠪᠤᠯᠵᠢᠯᠠᠭᠴᠢ ᠶᠦᠨ ᠵᠢᠩ︶ 1 ᠳ᠋ᠦ᠋ᠭᠡᠷ ᠰᠠᠷ᠎ᠠ ᠶᠢᠨ 28 ᠤ ᠡᠳᠦᠷ᠂ ᠴᠠᠭᠠᠨ ᠰᠠᠷ᠎ᠠ ᠶᠢᠨ ᠠᠮᠠᠷᠠᠯᠲᠠ ᠶᠢᠨ ᠳᠠᠷᠠᠭ᠎ᠠ ᠠᠵᠢᠯ ᠳᠤ ᠭᠠᠷᠤᠭᠰᠠᠨ ᠠᠩᠬᠠᠨ ᠤ ᠡᠳᠦᠷ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠣᠷᠣᠨ ᠤ ᠲᠥᠪ ᠬᠤᠲᠠ ᠶᠢ ᠬᠦᠴᠦᠷᠬᠡᠭᠵᠢᠭᠦᠯᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠬᠦ ᠭᠤᠣᠯᠳᠠᠯᠭ᠎ᠠ ᠲᠠᠢ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠪᠠ᠃ ᠬᠤᠷᠠᠯ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠲᠠᠢ ᠨᠢᠭᠲᠠ ᠤᠶᠠᠯᠳᠤᠭᠤᠯᠤᠨ᠂ ᠣᠷᠣᠨ ᠤ ᠲᠥᠪ ᠬᠤᠲᠠ ᠶᠢ ᠬᠦᠴᠦᠷᠬᠡᠭᠵᠢᠭᠦᠯᠬᠦ ᠢᠨᠵᠧᠨᠧᠷᠢᠩ ᠢ ᠬᠦᠴᠦᠲᠡᠢ ᠠᠬᠢᠭᠤᠯᠵᠤ᠂ ᠶᠡᠷᠦᠩᠬᠡᠶᠢᠯᠡᠭᠰᠡᠨ ᠠᠵᠤ ᠠᠬᠤᠢ ᠶᠢᠨ ᠲᠠᠯ᠎ᠠ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ᠂ ᠨᠡᠶᠢᠭᠡᠮ ᠤᠨ ᠠᠷᠠᠳ ᠤᠨ ᠠᠮᠢᠳᠤᠷᠠᠯ ᠤᠨ ᠲᠠᠯ᠎ᠠ ᠵᠡᠷᠭᠡ ᠰᠠᠯᠠᠭ᠎ᠠ ᠮᠥᠴᠢᠷ ᠢ 2023 ᠣᠨ ᠤ ᠭᠤᠣᠯᠳᠠᠯᠭ᠎ᠠ ᠲᠠᠢ ᠰᠡᠳᠬᠢᠴᠡ ᠠᠷᠭ᠎ᠠ ᠬᠡᠮᠵᠢᠶ᠎ᠡ ᠪᠠᠨ ᠳᠠᠷᠠᠭᠠᠯᠠᠨ ᠲᠠᠨᠢᠯᠴᠠᠭᠤᠯᠬᠤ ᠶᠢ ᠱᠠᠭᠠᠷᠳᠠᠵᠤ᠂ ᠬᠤᠷᠠᠯ ᠤᠨ ᠠᠬᠤᠢ ᠲᠠᠯᠠᠪᠠᠢ ᠳᠤ ᠦᠨᠡᠯᠡᠯᠲᠡ ᠬᠢᠵᠦ᠂ ᠱᠠᠭᠠᠷᠳᠠᠯᠭ᠎ᠠ ᠳᠤᠷᠠᠳᠤᠨ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠰᠡᠳᠬᠢᠴᠡ ᠪᠠᠨ ᠤᠯᠠᠮ ᠨᠢᠭᠡ ᠠᠯᠬᠤᠮ ᠡᠮᠬᠢᠯᠡᠨ᠂ ᠭᠤᠣᠯᠳᠠᠯᠭ᠎ᠠ ᠪᠠᠨ ᠲᠣᠳᠣᠷᠬᠠᠶᠢᠯᠠᠵᠤ᠂ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠬᠤᠷᠠᠯ ᠢ ᠡᠷᠬᠢᠯᠡᠨ ᠶᠠᠷᠢᠶ᠎ᠠ ᠲᠠᠯᠪᠢᠪᠠ᠃      ᠬᠤᠷᠠᠯ ᠠᠴᠠ᠂ ᠣᠷᠣᠨ ᠤ ᠲᠥᠪ ᠬᠤᠲᠠ ᠶᠢ ᠬᠦᠴᠦᠷᠬᠡᠭᠵᠢᠭᠦᠯᠬᠦ ᠢᠨᠵᠧᠨᠧᠷᠢᠩ ᠢ ᠬᠡᠷᠡᠭᠵᠢᠭᠦᠯᠬᠦ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠮᠠᠨ ᠤ ᠬᠤᠳᠠ ᠳᠤ ᠳᠠᠭᠠᠭᠠᠯᠭᠠᠭᠰᠠᠨ ᠢᠷᠠᠭᠤ ᠠᠯᠳᠠᠷᠲᠤ ᠡᠭᠦᠷᠭᠡ ᠪᠠ ᠲᠡᠦᠬᠡᠲᠦ ᠬᠠᠷᠢᠭᠤᠴᠠᠯᠭ᠎ᠠ ᠪᠣᠯᠣᠨ᠎ᠠ᠂ ᠮᠥᠨᠴᠦ ᠮᠠᠨ ᠤ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠴᠢᠬᠤᠯᠠ ᠠᠷᠭ᠎ᠠ ᠵᠠᠮ ᠪᠣᠯᠣᠨ᠎ᠠ᠃ ᠪᠦᠬᠦ ᠬᠤᠳᠠ ᠪᠠᠷ ᠢᠶᠠᠨ ᠭᠤᠣᠯ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠵᠠ ᠲᠣᠬᠢᠶᠠᠯ ᠢ ᠠᠮᠵᠢᠵᠤ᠂ ᠡᠷᠴᠢᠨ ᠳᠡᠭᠡᠷ᠎ᠡ  ᠨᠢ ᠤᠷᠤᠭᠰᠢᠯᠠᠵᠤ᠂ ᠲᠦᠷᠦ ᠶᠢᠨ ᠪᠣᠳᠣᠯᠭ᠎ᠠ ᠶᠢᠨ ᠠᠰᠢᠭ ᠢ ᠦᠨᠡᠨᠬᠦ ᠬᠥᠭᠵᠢᠯᠲᠡ ᠶᠢᠨ ᠳᠤᠲᠠᠭᠳᠠᠯ ᠢ ᠨᠥᠬᠦᠪᠦᠷᠢᠯᠡᠬᠦ᠂ ᠬᠥᠭᠵᠢᠯᠲᠡ ᠶᠢᠨ ᠬᠥᠳᠡᠯᠭᠡᠭᠦ ᠬᠦᠴᠦᠨ ᠢ ᠨᠡᠮᠡᠭᠳᠡᠭᠦᠯᠬᠦ᠂ ᠬᠥᠭᠵᠢᠯᠲᠡ ᠶᠢᠨ ᠳᠠᠪᠠᠭᠤᠯᠢᠭ ᠢ ᠵᠤᠵᠠᠭᠠᠳᠬᠠᠬᠤ ᠠᠵᠢᠯ ᠤᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠷᠡᠰ ᠭᠤᠶᠢᠪᠢᠰᠢ ᠦᠭᠡᠢ ᠪᠠᠷ ᠬᠥᠭᠵᠢᠯᠲᠡ ᠶᠢ ᠲᠡᠷᠢᠭᠦᠨ ᠴᠢᠬᠤᠯᠠ ᠡᠭᠦᠷᠭᠡ ᠪᠠᠨ ᠪᠣᠯᠭᠠᠵᠤ᠂ ︽ᠨᠠᠶᠢᠳᠠᠪᠤᠷᠢᠵᠢᠭᠤᠯᠤᠯᠲᠠ ᠶᠢ ᠠᠳᠬᠤᠬᠤ︾ ᠶᠢ ᠪᠣᠳᠠᠲᠠᠢ ᠲᠦᠷᠦᠯ ᠵᠦᠢᠯ ᠪᠣᠯᠣᠨ ᠪᠣᠳᠠᠲᠠᠢ ᠠᠵᠢᠯᠯᠠᠭ᠎ᠠ ᠪᠣᠯᠭᠠᠨ ᠨᠠᠷᠢᠯᠢᠭᠵᠢᠭᠤᠯᠬᠤ ᠬᠡᠷᠡᠭᠲᠡᠢ᠃ ᠵᠥᠷᠢᠶ᠎ᠡ ᠪᠠᠨ ᠲᠣᠳᠣᠷᠬᠠᠢ ᠲᠠᠨᠢᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠦᠷᠦᠯᠴᠡᠬᠦ ᠦᠭᠡᠢ ᠲᠠᠯ᠎ᠠ ᠪᠠᠨ ᠣᠨᠣᠪᠴᠢᠲᠠᠢ ᠡᠷᠢᠵᠦ᠂ ᠰᠠᠶᠢᠨ ᠲᠠᠯ᠎ᠠ ᠪᠠᠨ ᠪᠠᠳᠠᠷᠠᠭᠤᠯᠤᠨ ᠰᠠᠭᠠᠷᠠᠤ ᠲᠠᠯ᠎ᠠ ᠪᠠᠨ ᠲᠡᠪᠴᠢᠵᠦ᠂ ᠰᠢᠯᠢᠳᠡᠭ ᠢ ᠪᠣᠶᠢᠵᠢᠭᠤᠯᠤᠨ ᠦᠷ᠎ᠡ ᠠᠰᠢᠭ ᠢ ᠨᠡᠮᠡᠭᠳᠡᠭᠦᠯᠬᠦ ᠬᠡᠷᠡᠭᠲᠡᠢ᠃ ᠬᠠᠷᠠᠯᠲᠠ ᠪᠠᠨ ᠲᠣᠭᠲᠠᠭᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠠᠵᠤ ᠠᠬᠤᠢ ᠶᠢ ᠬᠥᠭᠵᠢᠭᠦᠯᠬᠦ᠂ ᠠᠷᠪᠢᠯᠠᠵᠤ ᠡᠷᠴᠢᠮᠵᠢᠭᠦᠯᠬᠦ᠂ ᠰᠤᠷᠭᠠᠨ ᠬᠥᠮᠦᠵᠢᠯ ᠡᠮ ᠡᠮᠨᠡᠯᠭᠡ᠂ ᠦᠨᠳᠦᠰᠦᠨ ᠱᠠᠲᠤᠨ ᠤ ᠵᠠᠰᠠᠯᠲᠠ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠵᠤ ᠠᠬᠤᠢ ᠶᠢᠨ ᠡᠨᠧᠷᠭᠢ ᠶᠢᠨ ᠲᠡᠰ᠂ ᠰᠣᠶᠣᠯ ᠤᠨ ᠡᠨᠧᠷᠭᠢ ᠶᠢᠨ ᠲᠡᠰ᠂ ᠵᠠᠰᠠᠯᠲᠠ ᠶᠢᠨ ᠡᠨᠧᠷᠭᠢ ᠶᠢᠨ ᠲᠡᠰ᠂ ᠠᠮᠢ ᠠᠬᠤᠢ ᠶᠢᠨ ᠡᠨᠧᠷᠭᠢ ᠶᠢᠨ ᠲᠡᠰ᠂ ᠬᠥᠮᠥᠨ ᠠᠮᠠ ᠶᠢᠨ ᠡᠨᠧᠷᠭᠢ ᠶᠢᠨ ᠲᠡᠰ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠣᠷᠣᠨ ᠤ ᠲᠥᠪ ᠬᠤᠲᠠ ᠶᠢᠨ ᠠᠵᠤ ᠦᠢᠯᠡᠰ ᠤᠨ ᠰᠠᠭᠤᠷᠢ ᠶᠢ ᠨᠡᠩ ᠪᠠᠬᠢᠵᠢᠭᠦᠯᠵᠦ᠂ ᠠᠵᠤ ᠠᠬᠤᠢ ᠶᠢᠨ ᠴᠣᠭᠴᠠ ᠶᠢ ᠨᠡᠩ ᠶᠡᠭᠡ᠂ ᠬᠤᠳᠠ ᠶᠢᠨ ᠪᠠᠶᠢᠷᠢ ᠰᠠᠭᠤᠷᠢ ᠶᠢ ᠨᠡᠩ ᠥᠨᠳᠥᠷ᠂ ᠠᠯᠤᠰ ᠢᠷᠡᠭᠡᠳᠦᠢ ᠶᠢ ᠨᠡᠩ ᠭᠤᠶᠤ ᠰᠠᠶᠢᠬᠠᠨ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠬᠤᠷᠳᠤᠴᠠ ᠶᠢ ᠲᠦᠷᠭᠡᠳᠬᠡᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠣᠭᠤᠷᠢᠨ ᠳᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠳᠠᠷᠤᠶᠢᠬᠠᠨ ᠬᠥᠳᠡᠯᠦᠯᠴᠡᠵᠦ᠂ ᠠᠵᠢᠯᠯᠠᠵᠤ᠂ ᠬᠤᠷᠳᠤᠯᠠᠵᠤ᠂ ᠨᠡᠩ ᠶᠡᠭᠡ ᠡᠷᠴᠢᠮ ᠢᠶᠠᠷ ᠪᠣᠳᠠᠲᠤ ᠴᠣᠭᠴᠠ ᠶᠢᠨ ᠠᠵᠤ ᠠᠬᠤᠢ ᠶᠢ ᠠᠳᠬᠤᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠠᠳᠬᠤᠵᠤ᠂ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠳᠬᠤᠵᠤ᠂ ᠳᠠᠪᠠᠭᠤᠯᠢᠭ ᠭᠤᠣᠯᠯᠠᠬᠤ ᠠᠵᠤ ᠦᠢᠯᠡᠰ ᠤᠨ ᠲᠣᠭᠤᠷᠢᠨ ᠳᠤ ᠰᠦ ᠶᠢᠨ ᠦᠢᠯᠡᠰ᠂ ᠴᠡᠪᠡᠷ ᠡᠨᠧᠷᠭᠢ᠂ ᠰᠢᠨ᠎ᠡ ᠮᠠᠲ᠋ᠧᠷᠢᠶᠠᠯ᠂ ᠣᠳᠣᠬᠢᠴᠢᠯᠠᠭᠰᠠᠨ ᠠᠵᠤ ᠦᠢᠯᠡᠳᠪᠦᠷᠢ᠂ ᠠᠮᠢᠳᠤ ᠪᠣᠳᠠᠰ ᠤᠨ ᠡᠮ ᠡᠮᠨᠡᠯᠭᠡ᠂ ᠲᠣᠮᠣ ᠳ᠋ᠠᠶᠢᠲ᠋ᠠ ᠵᠡᠷᠭᠡ ᠠᠵᠤ ᠦᠢᠯᠡᠰ ᠤᠨ ᠬᠥᠭᠵᠢᠯᠲᠡ ᠶᠢ ᠰᠠᠶᠢᠲᠤᠷ ᠠᠳᠬᠤᠵᠤ᠂ ᠰᠠᠶᠢᠨ ᠲᠦᠷᠦᠯ ᠵᠦᠢᠯ ᠲᠣᠮᠣ ᠲᠦᠷᠦᠯ ᠵᠦᠢᠯ ᠢᠶᠠᠷ ᠬᠥᠲᠥᠯᠥᠮᠵᠢ ᠪᠣᠯᠭᠠᠵᠤ᠂ ᠬᠥᠭᠵᠢᠯᠲᠡ ᠶᠢᠨ ᠰᠡᠯᠭᠦᠬᠦ ᠬᠦᠴᠦᠨ ᠢ ᠪᠠᠲᠤᠳᠬᠠᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠤᠯᠭ᠎ᠠ ᠨᠠᠷ ᠲᠦᠷᠦᠭᠦᠯᠡᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠶᠢᠴᠢᠯᠠᠨ᠂ ︽ᠡᠷᠴᠢ ᠵᠣᠷᠢᠭ︾ ᠢᠶᠠᠨ ᠬᠥᠪᠴᠢᠯᠡᠵᠦ᠂ ︽ᠳᠡᠭᠡᠰᠦ︾ ᠪᠣᠯᠣᠨ ᠡᠷᠴᠢᠮᠯᠡᠵᠦ᠂ ᠥᠷᠯᠥᠭᠡ ᠦᠳᠡᠰᠢ ᠶᠢ ᠣᠷᠣᠯᠳᠤᠨ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠵᠤ᠂ ᠣᠷᠣᠨ ᠤ ᠲᠥᠪ ᠬᠤᠲᠠ ᠶᠢ ᠬᠦᠴᠦᠷᠬᠡᠭᠵᠢᠭᠦᠯᠬᠦ ᠢᠨᠵᠧᠨᠧᠷᠢᠩ ᠤᠨ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠦᠨᠡᠨᠬᠦ ᠦᠨᠡᠨ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ ︽ᠡᠬᠢᠯᠡᠮᠡᠭᠴᠡ ᠰᠢᠢᠳᠪᠦᠷᠢᠲᠦ ᠪᠠᠶᠢᠯᠳᠤᠭᠠᠨ᠂ ᠡᠬᠢᠯᠡᠮᠡᠭᠴᠡ ᠰᠢᠪᠲᠤᠯᠤᠯᠲᠠ︾ ᠶᠢᠨ ᠪᠠᠶᠢᠳᠠᠯ ᠢᠶᠠᠷ ᠳᠠᠷᠤᠯᠲᠠ ᠨᠡᠮᠡᠵᠦ ᠬᠦᠴᠦ ᠨᠡᠮᠡᠵᠦ᠂ ᠨᠢᠭᠡᠳᠦᠭᠡᠷ ᠤᠯᠠᠷᠢᠯ ᠳᠤ ᠯᠠᠪᠳᠠᠭᠤᠨ ᠡᠬᠢᠯᠡᠭᠦᠯᠵᠦ᠂ ᠰᠠᠶᠢᠬᠠᠨ ᠡᠬᠢᠯᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠡᠢ᠃      ᠾᠧ ᠬᠠᠢ ᠳ᠋ᠦᠩ᠂ ᠴᠠᠩ ᠫᠧᠢ ᠵᠥᠩ᠂ ᠯᠢ ᠵᠢᠶᠦ᠋ᠩ᠂ ᠼᠤᠤ ᠰᠧ ᠶᠠᠩ ᠵᠡᠷᠭᠡ ᠬᠤᠲᠠ ᠶᠢᠨ ᠤᠳᠤᠷᠢᠳᠤᠯᠭ᠎ᠠ ᠵᠢᠴᠢ ᠡᠯ᠎ᠡ ᠬᠤᠰᠢᠭᠤ ᠰᠢᠶᠠᠨ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号