ᠮᠠᠨ ᠤ ᠬᠤᠲᠠ ᠶᠢᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠬᠡᠮᠵᠢᠶ᠎ᠡ ᠳᠥᠷᠪᠡᠨ ᠵᠢᠯ ᠳᠠᠷᠠᠭᠠᠯᠠᠨ ᠨᠡᠮᠡᠭᠳᠡᠪᠡ
ᠨᠡᠶᠢᠲᠡᠯᠡᠭᠰᠡᠨ ᠴᠠᠭ᠄
2023/1/29
     ︵ᠰᠤᠷᠪᠤᠯᠵᠢᠯᠠᠭᠴᠢ ᠴᠢ ᠰᠢᠶᠣᠣ ᠶᠠᠨ ᠴᠢᠮᠡᠭᠡᠯᠡᠭᠴᠢ ᠸᠠᠩ ᠢᠦᠢ ᠹᠧᠩ︶ ᠰᠠᠶᠢᠬᠠᠨ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ 2022 ᠣᠨ ᠳᠤ ᠮᠠᠨ ᠤ ᠬᠤᠳᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠦᠷᠳᠡᠭ 182.7 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 14.4% ᠨᠡᠮᠡᠭᠳᠡᠵᠡᠢ᠃ ᠡᠭᠦᠨ ᠳᠤ ᠭᠠᠳᠠᠭᠠᠳᠤ  ᠠᠴᠠ ᠣᠷᠣᠭᠤᠯᠤᠭᠰᠠᠨ ᠥᠷᠲᠡᠭ 89.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.3% ᠨᠡᠮᠡᠭᠳᠡᠵᠡᠢ︔ ᠭᠠᠳᠠᠭᠠᠳᠤ ᠳᠤ ᠭᠠᠷᠭᠠᠭᠰᠠᠨ ᠥᠷᠲᠡᠭ 93 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 15.4% ᠨᠡᠮᠡᠭᠳᠡᠪᠡ᠃ 2019 ᠣᠨ ᠠᠴᠠ ᠨᠠᠰᠢ᠂ ᠮᠠᠨ ᠤ ᠬᠤᠲᠠ ᠶᠢᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠬᠡᠮᠵᠢᠶ᠎ᠡ ᠵᠠᠯᠭᠠᠭ᠎ᠠ ᠪᠠᠷ ᠳᠦᠷᠪᠡᠨ ᠵᠢᠯ ᠨᠡᠮᠡᠭᠳᠡᠵᠦ᠂ ᠦᠷᠭᠦᠯᠵᠢᠯᠡᠨ ᠰᠥᠷᠭᠡᠦ ᠪᠠᠶᠢᠳᠠᠯ ᠳᠤ ᠲᠣᠭᠲᠠᠭᠤᠨ ᠢᠶᠠᠷ ᠨᠡᠮᠡᠭᠳᠡᠬᠦ ᠪᠠᠶᠢᠳᠠᠯ ᠢᠶᠠᠨ ᠪᠠᠲᠤᠯᠠᠪᠠ᠃          ᠲᠤᠭ᠎ᠠ ᠪᠠᠷᠢᠮᠲᠠ ᠳᠤ ᠢᠯᠡᠷᠡᠭᠰᠡᠨ ᠢᠶᠠᠷ᠂ ᠮᠠᠨ ᠤ ᠬᠤᠲᠠ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ ᠦᠷᠭᠦᠯᠵᠢᠯᠡᠨ ᠲᠦᠷᠭᠡᠨ ᠨᠡᠮᠡᠭᠳᠡᠬᠦ ᠪᠠᠶᠢᠳᠠᠯ ᠢᠯᠡᠷᠡᠪᠡ᠃ 2022 ᠣᠨ ᠳᠤ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠦᠷᠳᠡᠭ 99.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21.9 % ᠨᠡᠮᠡᠭᠳᠡᠵᠦ᠂ ᠪᠦᠬᠦ ᠬᠤᠳᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠦᠷᠳᠡᠭ ᠤᠨ 54.2%  ᠶᠢ ᠡᠵᠡᠯᠡᠪᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠠᠸᠠᠷ ᠠᠴᠠ ᠠᠪᠴᠤ ᠦᠵᠡᠪᠡᠯ᠂ ᠭᠠᠳᠠᠭᠠᠳᠤ ᠠᠴᠠ  ᠣᠷᠤᠭᠤᠯᠤᠭᠰᠠᠨ ᠨᠢ ᠲᠠᠷᠢᠶᠠᠯᠠᠩ ᠤᠨ ᠪᠦᠲᠦᠭᠡᠭᠳᠡᠬᠦᠨ ᠢᠶᠠᠷ ᠭᠤᠣᠯᠯᠠᠵᠤ᠂ ᠭᠠᠳᠠᠭᠠᠳᠤ ᠠᠴᠠ ᠣᠷᠣᠭᠤᠯᠤᠭᠰᠠᠨ ᠦᠷᠳᠡᠭ 57.8 ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠬᠤᠳᠠ ᠶᠢᠨ ᠭᠠᠳᠠᠭᠠᠳᠤ ᠠᠴᠠ ᠣᠷᠣᠭᠤᠯᠤᠭᠰᠠᠨ ᠦᠷᠳᠡᠭ ᠤᠨ 64.4% ᠶᠢ ᠡᠵᠡᠯᠡᠪᠡ︔ ᠭᠠᠳᠠᠭᠠᠳᠤ ᠳᠤ ᠭᠠᠷᠭᠠᠭᠰᠠᠨ ᠨᠢ ᠳᠡᠭᠡᠳᠦ ᠰᠢᠨ᠎ᠡ ᠮᠡᠷᠭᠡᠵᠢᠯ ᠤᠨ ᠦᠢᠯᠡᠳᠬᠦᠨ ᠢᠶᠠᠷ ᠭᠤᠤᠯᠯᠠᠵᠤ᠂ ᠭᠠᠳᠠᠭᠠᠳᠤ ᠳᠤ ᠭᠠᠷᠭᠠᠭᠰᠠᠨ ᠦᠷᠳᠡᠭ ᠨᠢ 14.3 ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠬᠤᠳᠠ ᠶᠢᠨ ᠭᠠᠳᠠᠭᠠᠳᠤ ᠳᠤ  ᠭᠠᠷᠭᠠᠭᠰᠠᠨ ᠦᠷᠳᠡᠭ ᠤᠨ 15.4% ᠶᠢ ᠡᠵᠡᠯᠡᠪᠡ᠃ ᠠᠷᠠᠯᠵᠢᠶᠠᠨ ᠤ ᠤᠯᠤᠰ ᠤᠨ ᠢᠯᠭᠠᠯ ᠠᠴᠠ ᠠᠪᠴᠤ ᠦᠵᠡᠪᠡᠯ᠂ ᠠᠮᠧᠷᠢᠺᠠ ᠮᠠᠨ ᠤ ᠬᠤᠲᠠ ᠶᠢᠨ ᠬᠠᠮᠤᠭ ᠤᠨ ᠲᠣᠮᠣ ᠠᠷᠠᠯᠵᠢᠶᠠᠨ ᠤ ᠬᠠᠨᠢᠲᠠᠨ ᠤᠯᠤᠰ ᠪᠣᠯᠵᠤ᠂ 2022 ᠣᠨ ᠳᠤ ᠠᠮᠧᠷᠢᠺᠠ ᠠᠴᠠ ᠣᠷᠤᠭᠤᠯᠵᠤ ᠠᠮᠧᠷᠢᠺᠠ ᠳᠤ ᠭᠠᠷᠭᠠᠭᠰᠠᠨ ᠥᠷᠲᠡᠭ 37.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.7% ᠪᠠᠷ ᠨᠡᠮᠡᠭᠳᠡᠪᠡ᠃      ᠮᠠᠨ ᠤ ᠬᠤᠲᠠ ᠶᠢᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠬᠡᠮᠵᠢᠶ᠎ᠡ ᠳᠥᠷᠪᠡᠨ ᠵᠢᠯ ᠳᠠᠷᠠᠭᠠᠯᠠᠨ ᠨᠡᠮᠡᠭᠳᠡᠭᠰᠡᠨ ᠨᠢ ᠮᠠᠨ ᠤ ᠬᠤᠲᠠ ᠶᠢᠨ ᠭᠠᠳᠠᠭᠠᠳᠤ ᠠᠷᠠᠯᠵᠢᠶᠠᠨ ᠤ ᠠᠵᠤ ᠠᠬᠤᠢ ᠶᠢᠨ ᠤᠶᠠᠨ ᠬᠠᠳᠠᠨ ᠴᠢᠨᠠᠷ ᠴᠢᠩᠭ᠎ᠠ᠂ ᠨᠥᠭᠡᠴᠡ ᠬᠦᠴᠦᠨ ᠭᠦᠢᠴᠡᠳ ᠪᠠᠶᠢᠬᠤ ᠶᠢ ᠬᠠᠷᠠᠭᠤᠯᠵᠤ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠰᠠᠶᠢᠬᠠᠨ ᠪᠣᠭᠤᠮᠲᠠ ᠨᠢ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠬᠠᠷᠢᠶ᠎ᠠ ᠣᠷᠣᠨ ᠤ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠪᠦᠬᠦ ᠲᠠᠯ᠎ᠠ ᠪᠠᠷ ᠣᠶᠢᠯᠠᠭᠠᠵᠤ᠂ ᠠᠵᠤ ᠠᠬᠤᠶᠢᠯᠠᠯ ᠤᠨ ᠪᠣᠭᠤᠮᠲᠠ ᠶᠢᠨ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠭᠦᠢᠴᠡᠳ ᠰᠠᠶᠢᠲᠤᠷ ᠬᠡᠷᠡᠭᠯᠡᠬᠦ ᠶᠢ ᠴᠢᠭᠯᠡᠭᠦᠯᠬᠦ ᠴᠢᠨᠠᠷᠲᠠᠢ ᠪᠠᠷ ᠵᠢᠯᠤᠭᠤᠳᠴᠤ ᠂ ᠠᠵᠤ ᠠᠬᠤᠶᠢᠯᠠᠯ ᠤᠨ ᠬᠦᠴᠢᠷ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠬᠠᠷᠢᠶ᠎ᠠ ᠣᠷᠣᠨ ᠤ ᠠᠵᠤ ᠠᠬᠤᠶᠢᠯᠠᠯ ᠤᠨ ᠰᠥᠷᠭᠡᠦ ᠪᠠᠶᠢᠳᠠᠯ ᠳᠤ ᠭᠠᠷᠴᠤ ᠶᠠᠪᠤᠬᠤ ᠶᠢ ᠠᠬᠢᠭᠤᠯᠵᠤ᠂ ᠬᠥᠬᠡᠬᠤᠲᠠ ᠶᠢᠨ ᠭᠠᠳᠠᠭᠰᠢ ᠴᠢᠭᠯᠡᠭᠦᠯᠦᠭᠰᠡᠨ ᠠᠵᠤ ᠠᠬᠤᠢ ᠶᠢ ᠬᠥᠭᠵᠢᠭᠦᠯᠬᠦ ᠳᠤ ᠪᠣᠭᠤᠮᠲᠠ ᠶᠢᠨ ᠦᠢᠯᠡᠳᠦᠯ ᠢ ᠪᠠᠳᠠᠷᠠᠭᠤᠯᠤᠨ᠎ᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号