︵ᠰᠤᠷᠪᠤᠯᠵᠢᠯᠠᠭᠴᠢ ᠰᠥᠩ ᠰᠢᠶᠠᠩ ᠬᠤᠸᠠ︶ 1 ᠳ᠋ᠦ᠋ᠭᠡᠷ ᠰᠠᠷ᠎ᠠ ᠶᠢᠨ 30 ᠤ ᠡᠳᠦᠷ᠂ ᠬᠤᠲᠠ ᠶᠢᠨ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠣᠶᠢᠯᠠᠭᠠᠭᠰᠠᠨ ᠨᠢ᠂ ᠮᠠᠨ ᠤ ᠬᠤᠲᠠ ᠶᠢᠨ ︽ᠣᠯᠠᠨ | ᠲᠥᠯᠦᠪᠵᠢᠭᠦᠯᠭᠡ ᠶᠢ ᠨᠢᠭᠡᠳᠬᠡᠬᠦ︾ ᠲᠤᠬᠠᠶᠢᠯᠠᠭᠰᠠᠨ ᠠᠵᠢᠯ ᠤᠨ ᠬᠠᠮᠵᠢᠯᠴᠠᠭᠠᠨ ᠤ ᠲᠠᠪᠴᠠᠩ ᠤᠨ ᠲᠥᠷᠥᠯ ᠵᠦᠢᠯ | ᠰᠢᠯᠭᠠᠨ ᠪᠠᠶᠢᠴᠠᠭᠠᠯᠲᠠ ᠳᠤ ᠬᠢᠷᠢ ᠲᠡᠩᠴᠡᠪᠡ᠃ | ᠣᠶᠢᠯᠠᠭᠠᠭᠰᠠᠨ ᠢᠶᠠᠷ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︽ᠣᠯᠠᠨ | ᠲᠥᠯᠦᠪᠵᠢᠭᠦᠯᠭᠡ ᠶᠢ ᠨᠢᠭᠡᠳᠬᠡᠬᠦ︾ ᠲᠤᠬᠠᠶᠢᠯᠠᠭᠰᠠᠨ ᠠᠵᠢᠯ ᠤᠨ ᠬᠠᠮᠵᠢᠯᠴᠠᠭᠠᠨ ᠤ ᠲᠠᠪᠴᠠᠩ ᠢ ᠪᠠᠶᠢᠭᠤᠯᠵᠤ᠂ | ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠥᠭᠡᠷᠡᠴᠢᠯᠡᠯᠲᠡ ᠳᠤ ᠬᠦᠴᠦᠨ | ᠨᠡᠮᠡᠷᠢᠯᠡᠵᠦ᠂ ︽ᠣᠯᠠᠨ ᠲᠥᠯᠦᠪᠵᠢᠭᠦᠯᠭᠡ ᠶᠢ ᠨᠢᠭᠡᠳᠬᠡᠬᠦ︾ ᠬᠤᠯᠪᠣᠭᠳᠠᠯ ᠪᠦᠬᠦᠢ ᠱᠠᠭᠠᠷᠳᠠᠯᠭ᠎ᠠ ᠶᠢ | ᠨᠠᠶᠢᠳᠠᠪᠤᠷᠢᠵᠢᠭᠤᠯᠤᠨ᠂ ᠮᠠᠨ ᠤ ᠬᠤᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠲᠦᠷᠭᠡᠳᠬᠡᠬᠦ ᠳᠤ ᠪᠠᠲᠤ ᠪᠠᠬᠢ | ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ᠲᠣᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ᠲᠡᠷᠢᠭᠦᠨ ᠤ | ᠭᠠᠵᠠᠷ ᠣᠷᠣᠨ ᠤ ᠲᠤᠷᠰᠢᠯᠭ᠎ᠠ ᠪᠠᠷ ᠲᠣᠯᠢ ᠪᠣᠯᠭᠠᠬᠤ ᠶᠢᠨ ᠬᠠᠮᠲᠤ ᠡᠬᠡ ᠤᠯᠤᠰ ᠤᠨ ᠤᠮᠠᠷᠠᠲᠤ ᠬᠢᠯᠢ ᠶᠢᠨ ᠣᠨᠴᠠᠭᠠᠶ | ᠭᠠᠵᠠᠷ ᠵᠦᠢ ᠶᠢᠨ ᠪᠠᠶᠢᠷᠢᠰᠢᠯ᠂ ᠠᠵᠤ ᠠᠬᠤᠢ ᠶᠢᠨ ᠪᠠᠶᠢᠳᠠᠯ᠂ ᠲᠥᠷᠥᠯ ᠵᠦᠢᠯ ᠤᠨ ᠱᠠᠭᠠᠷᠳᠠᠯᠭ᠎ᠠ ᠵᠡᠷᠭᠡ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ︽ᠣᠯᠠᠨ ᠲᠥᠯᠦᠪᠵᠢᠭᠦᠯᠭᠡ ᠶᠢ ᠨᠢᠭᠡᠳᠬᠡᠬᠦ︾ ︽ᠨᠢᠭᠡ ᠵᠢᠷᠤᠭ ᠲᠥᠯᠥᠪᠯᠡᠭᠡ︾ | ᠶᠢ ᠪᠠᠶᠢᠭᠤᠯᠵᠤ᠂ ︽ᠣᠯᠠᠨ ᠲᠥᠯᠦᠪᠵᠢᠭᠦᠯᠭᠡ ᠶᠢ ᠨᠢᠭᠡᠳᠬᠡᠬᠦ︾ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ︽ | ᠣᠯᠠᠨ ᠲᠥᠯᠦᠪᠵᠢᠭᠦᠯᠭᠡ ᠶᠢ ᠨᠢᠭᠡᠳᠬᠡᠬᠦ︾ ᠶᠢᠨ ᠴᠢᠳᠠᠮᠵᠢ ᠶᠢ ᠠᠰᠢᠭᠯᠠᠨ ᠲᠥᠷᠥᠯ ᠵᠦᠢᠯ ᠢ ᠲᠥᠰᠥᠪᠯᠡᠨ ᠪᠤᠢ | ᠪᠣᠯᠭᠠᠵᠤ ᠪᠣᠯᠬᠤ ᠪᠣᠯᠪᠠ᠃ ᠣᠳᠣᠬᠠᠨ ᠳᠤ᠂ ᠲᠥᠷᠥᠯ ᠵᠦᠢᠯ ᠨᠢ ᠨᠢᠭᠡ ᠢᠵᠢ ᠬᠠᠭᠤᠯᠪᠤᠷᠢᠯᠠᠵᠤ ᠪᠣᠯᠬᠤ᠂ | ᠳᠡᠯᠭᠡᠷᠡᠭᠦᠯᠵᠦ ᠪᠣᠯᠬᠤ ᠮᠡᠷᠭᠡᠵᠢᠯ ᠤᠨ ᠱᠤᠭᠤᠮ ᠪᠠ ᠠᠷᠭ᠎ᠠ ᠶᠢ ᠪᠦᠲᠦᠭᠡᠨ ᠪᠠᠶᠢᠭᠤᠯᠵᠤ᠂ ᠵᠢᠱᠢᠶ᠎ᠡ ᠦᠵᠡᠭᠦᠯᠬᠦ ᠴᠢᠨᠠᠷ | ᠪᠠ ᠬᠥᠲᠥᠯᠥᠨ ᠳᠠᠭᠠᠭᠤᠯᠬᠤ ᠴᠢᠨᠠᠷ ᠲᠠᠢ ᠪᠣᠯᠪᠠ᠃ | ᠲᠠᠷᠠᠭᠠᠴᠢ ᠶᠢᠨ ᠠᠯᠬᠤᠮ ᠳᠤ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠣᠰ | ᠰᠢᠰᠲ᠋ᠧᠮ ᠤᠨ ᠬᠡᠷᠡᠭᠯᠡᠭᠡᠨ ᠤ ᠴᠢᠳᠠᠮᠵᠢ ᠶᠢ ᠦᠷᠭᠦᠯᠵᠢᠯᠡᠨ ᠥᠷᠭᠡᠳᠬᠡᠵᠦ᠂ ᠲᠤᠭ᠎ᠠ ᠪᠠᠷᠢᠮᠲᠠ ᠶᠢᠨ ᠡᠬᠢ ᠢᠷᠡᠯᠲᠡ ᠶᠢ | ᠨᠠᠷᠢᠪᠴᠢᠯᠠᠵᠤ᠂ ᠮᠠᠨ ᠤ ᠬᠤᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠬᠢᠨᠠᠨ | ᠵᠥᠪᠰᠢᠶᠡᠷᠡᠬᠦ ᠮᠡᠳᠡᠭᠡ ᠵᠠᠩᠭᠢ ᠶᠢᠨ ᠲᠦᠷᠭᠡᠨ ᠤ ᠵᠠᠮ ᠢ ᠨᠠᠩ ᠥᠷᠭᠡᠨ᠂ ᠨᠠᠩ ᠲᠦᠷᠭᠡᠨ ᠪᠣᠯᠭᠠᠨ ᠥᠷᠭᠡᠳᠬᠡᠨ | ᠪᠠᠶᠢᠭᠤᠯᠵᠤ᠂ ᠪᠥᠬᠦ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠳᠠᠬᠢᠨ ᠰᠢᠨ᠎ᠡ ᠳᠡᠭᠲᠡᠷ ᠲᠤ | ᠭᠠᠷᠬᠤ ᠶᠢ ᠠᠬᠢᠭᠤᠯᠤᠨ᠎ᠠ᠃ |