ᠪᠦᠬᠦ ᠣᠷᠣᠨ ᠤ ᠠᠷᠠᠯᠵᠢᠶᠠᠴᠢᠨ ᠤᠷᠢᠵᠤ ᠪᠡᠯᠡ ᠮᠦᠡᠭᠭᠦ ᠤᠷᠤᠭᠤᠯᠤᠨ ᠠᠪᠴᠢᠷᠠᠬᠤ ᠵᠢᠴᠢ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2023/1/31
     ᠰᠦᠨ ᠱᠤᠤ ᠴᠧᠩ ᠶᠠᠷᠢᠶ᠎ᠠ ᠲᠠᠯᠪᠢᠵᠤ ᠸᠠᠩ ᠯᠢ ᠰᠢᠶᠠ ᠬᠤᠷᠠᠯ ᠢ ᠡᠷᠬᠢᠯᠡᠵᠦ ᠵᠠᠩ ᠶᠠᠨ ᠺᠦᠨ ᠣᠷᠣᠯᠴᠠᠵᠠᠢ
微信截图_20230130100513.png
     ︵ᠰᠤᠷᠪᠤᠯᠵᠢᠯᠠᠬᠴᠢ ᠯᠢᠤ ᠰᠢᠶᠤᠤ ᠳ᠋ᠦᠩ︶ 1 ᠰᠠᠷ᠎ᠠ ᠶᠢᠨ 29 ᠤ  ᠡᠳᠦᠷ᠂ ᠪᠥᠬᠦ ᠣᠷᠣᠨ ᠤ ᠠᠷᠠᠯᠵᠢᠶᠠᠴᠢᠨ ᠤᠷᠢᠵᠤ ᠪᠠᠯᠠ ᠮᠦᠩᠭᠦ ᠤᠷᠤᠭᠤᠯᠤᠨ ᠠᠪᠴᠢᠷᠠᠬᠤ ᠵᠢᠴᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭ᠌ᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠦᠨ ᠱᠤᠤ ᠴᠧᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠪᠦᠬᠦ ᠣᠷᠣᠨ ᠳᠠᠶᠠᠭᠠᠷ ᠢᠶᠠᠨ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ ᠠᠷᠠᠯᠵᠢᠶᠠᠴᠢᠨ ᠤᠷᠢᠵᠤ  ᠪᠡᠯᠡ ᠮᠦᠩᠭᠦ ᠤᠷᠤᠭᠤᠯᠤᠨ ᠠᠪᠴᠢᠷᠠᠬᠤ ᠠᠵᠢᠯ ᠢ ᠰᠠᠶᠢᠲᠤᠷ ᠠᠳᠬᠤᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠢᠷᠠᠭᠤᠯᠬᠤ᠂ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠪᠣᠯᠤᠨ ᠰᠢᠭᠦᠬᠦ ᠬᠤᠷᠢᠶ᠎ᠠ ᠶᠢᠨ ᠳᠠᠷᠤᠭ᠎ᠠ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠬᠤᠷᠠᠯ ᠳᠤ ᠣᠷᠣᠯᠴᠠᠵᠠᠢ᠃      ᠰᠦᠨ ᠱᠤᠤ ᠴᠧᠩ᠂ ᠠᠵᠤ ᠠᠬᠤᠢ ᠶᠢᠨ ᠠᠵᠢᠯ ᠢ ᠠᠳᠬᠤᠬᠤ ᠡᠷᠬᠡᠪᠰᠢ ᠠᠷᠠᠯᠵᠢᠶᠠᠴᠢᠨ ᠤᠷᠢᠵᠤ ᠪᠡᠯᠡ ᠮᠦᠩᠭᠦ ᠤᠷᠤᠭᠤᠯᠤᠨ ᠠᠪᠴᠢᠷᠠᠬᠤ ᠠᠵᠢᠯ ᠢ ᠠᠳᠬᠤᠬᠤ ᠬᠡᠷᠡᠭᠲᠡᠢ᠂ ᠶᠡᠭᠡ ᠪᠠᠷ ᠠᠷᠠᠯᠵᠢᠶᠠᠴᠢᠨ ᠤᠷᠢᠬᠤ ᠦᠭᠡᠢ ᠪᠣᠯ ᠶᠡᠭᠡ ᠬᠥᠭᠵᠢᠯᠲᠡ ᠪᠠᠶᠢᠵᠤ ᠴᠢᠳᠠᠬᠤ ᠦᠭᠡᠢ᠃ ᠥᠪᠥᠷ ᠮᠣᠩᠭᠤᠯ ᠳᠤ ᠤᠯᠤᠰ ᠤᠨ ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠠ ᠭᠠᠵᠠᠷ ᠰᠢᠷᠣᠢ᠂ ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ᠂ ︽ᠪᠣᠬᠢᠷᠲᠤᠯ ᠦᠭᠡᠢ ᠴᠠᠬᠢᠯᠭᠠᠨ︾᠂ ᠠᠵᠤ ᠦᠢᠯᠡᠰ ᠵᠡᠷᠭᠡ ᠤᠯᠠᠨ ᠳᠠᠪᠠᠭᠤᠯᠢᠭ ᠲᠠᠢ ᠶᠤᠮ᠂ ᠡᠯ᠎ᠡ ᠱᠠᠲᠤᠨ ᠤ ᠬᠢᠨ ᠠᠷᠠᠯᠵᠢᠶᠠᠴᠢᠨ ᠤᠷᠢᠵᠤ ᠪᠡᠯᠡ ᠮᠦᠩᠭᠦ ᠤᠷᠤᠭᠤᠯᠤᠨ ᠠᠪᠴᠢᠷᠠᠬᠤ ᠠᠵᠢᠯ ᠢ ᠠᠳᠬᠤᠬᠤ ᠲᠠᠯ᠎ᠠ ᠪᠠᠷ ᠡᠷᠬᠡᠪᠰᠢ ᠢᠲᠡᠭᠡᠯ ᠲᠡᠭᠦᠯᠳᠡᠷ ᠪᠠᠶᠢᠵᠤ᠂ ᠡᠷᠴᠢ ᠵᠣᠷᠢᠭ ᠢᠶᠠᠨ ᠬᠥᠪᠴᠢᠯᠡᠵᠦ᠂ ᠭᠢᠯᠠᠯᠵᠠᠮ᠎ᠠ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ ᠭᠡᠵᠦ ᠬᠡᠯᠡᠪᠡ᠃      ᠰᠦᠨ ᠱᠤᠤ ᠴᠧᠩ᠂ ᠠᠷᠠᠯᠵᠢᠶᠠᠴᠢᠨ ᠤᠷᠢᠵᠤ ᠪᠡᠯᠡ ᠮᠦᠩᠭᠦ ᠤᠷᠤᠭᠤᠯᠤᠨ ᠠᠪᠴᠢᠷᠠᠬᠤ ᠠᠵᠢᠯ ᠢ ᠠᠳᠬᠤᠬᠤ ᠶᠢᠨ ᠵᠠᠩᠭᠢᠯᠠᠭ᠎ᠠ ᠨᠢ ᠬᠥᠭᠵᠢᠶᠡᠨ ᠶᠡᠬᠡᠲᠡᠢ ᠬᠤᠳᠠᠯᠳᠤᠭ᠎ᠠ ᠡᠷᠬᠢᠯᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠵᠤ᠂ ᠥᠪᠥᠷ ᠮᠣᠩᠭᠤᠯ ᠤᠨ ᠵᠥᠪ ᠲᠠᠯ᠎ᠠ ᠶᠢᠨ ᠲᠦᠷᠢ ᠲᠥᠷᠬᠦ ᠶᠢ ᠱᠤᠭᠤᠵᠤ᠂ ᠪᠦᠬᠦ ᠣᠷᠣᠨ ᠳᠠᠶᠠᠭᠠᠷ ᠤᠨ ᠲᠠᠸᠠᠷ ᠤᠨ ᠤᠬᠠᠮᠰᠠᠷ ᠢ ᠴᠢᠩᠭᠠᠳᠭᠠᠵᠤ᠂ ᠬᠤᠳᠠᠯᠳᠤᠭᠠᠨ ᠤ ᠦᠢᠯᠡᠰ ᠤᠨ ᠠᠭᠤᠷ ᠠᠮᠢᠰᠬᠤᠯ ᠢ ᠬᠥᠭᠵᠢᠶᠡᠨ ᠲᠠᠢ ᠪᠤᠯᠭᠠᠬᠤ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠮᠦᠩᠭᠦ ᠤᠷᠤᠭᠤᠯᠤᠨ ᠠᠪᠴᠢᠷᠠᠬᠤ ᠶᠢᠨ ᠬᠠᠮᠤᠭ ᠤᠨ ᠰᠠᠶᠢᠨ ᠦᠷ᠎ᠡ ᠪᠦᠲᠦᠮᠵᠢ ᠪᠣᠯ ᠲᠠᠷᠤᠢ ᠠᠵᠤ ᠠᠬᠤᠶᠢᠯᠠᠯ ᠪᠠᠶᠠᠵᠢᠵᠤ᠂ ᠣᠷᠣᠨ ᠨᠤᠲᠤᠭ ᠬᠥᠭᠵᠢᠵᠦ᠂ ᠠᠷᠠᠳ ᠤᠯᠠᠨ ᠠᠰᠢᠭ ᠬᠦᠷᠳᠡᠬᠦ ᠶᠠᠪᠤᠳᠠᠯ ᠪᠣᠯᠣᠨ᠎ᠠ᠂ ᠨᠢᠭᠡ ᠪᠦᠯᠦᠭ ᠲᠤᠮᠤ ᠲᠥᠷᠥᠯ ᠵᠦᠢᠯ ᠰᠠᠶᠢᠨ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠨᠥᠭᠡᠴᠡᠯᠡᠵᠦ᠂ ᠤᠬᠠᠭᠤᠯᠭ᠎ᠠ ᠲᠠᠨᠢᠯᠴᠠᠭᠤᠯᠭ᠎ᠠ ᠶᠢ ᠨᠢᠮᠪᠠᠢ ᠰᠠᠶᠢᠲᠤᠷ ᠬᠢᠵᠦ᠂ ᠠᠵᠤ ᠠᠬᠤᠶᠢᠯᠠᠯᠲᠠᠨ ᠢ ︽ᠤᠯᠬᠤ ᠵᠣᠭᠤᠰ ᠲᠠᠢ︾ ᠪᠤᠯᠭᠠᠬᠤ ᠬᠡᠷᠡᠭᠲᠡᠢ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠬᠤᠬᠢᠷᠠᠭᠤᠯᠤᠭᠰᠠᠨ ᠠᠵᠢᠯᠯᠠᠭ᠎ᠠ ᠶᠢ ︽ᠤᠬᠳᠤ ᠠᠭᠤᠴᠢᠯᠠᠬᠤ ᠦᠭᠡᠢ︾ ᠪᠠᠶᠢᠵᠤ᠂ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠵᠤ᠂ ᠠᠵᠤ ᠠᠬᠤᠶᠢᠯᠠᠯ ᠤᠨ ᠳᠦᠷᠢᠮ ᠳᠤ ᠨᠡᠶᠢᠴᠡᠬᠦ ᠳᠦᠷᠢᠮ ᠤᠨ ᠬᠡᠷᠡᠭᠯᠡᠬᠦ ᠬᠡᠪᠴᠢᠶ᠎ᠡ ᠪᠠ ᠬᠠᠮᠤᠷᠬᠤ ᠨᠣᠷᠮ᠎ᠠ ᠶᠢ ᠥᠷᠭᠡᠳᠭᠡᠵᠦ᠂ ᠠᠵᠤ ᠠᠬᠤᠶᠢᠯᠠᠯᠲᠠᠨ ᠢ ︽ᠰᠠᠨᠠᠭ᠎ᠠ ᠠᠮᠤᠷ ᠪᠠᠶᠢᠯᠭᠠᠬᠤ︾ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ︽ᠦᠢᠯᠡᠴᠢᠯᠡᠭᠴᠢ︾ ᠶᠢᠨ ᠠᠵᠢᠯ ᠢ ᠰᠠᠶᠢᠲᠤᠷ ᠬᠢᠵᠦ᠂ ᠠᠵᠢᠯ ᠬᠢᠬᠦ ᠳᠡᠭᠡᠨ ︽ᠤᠳᠠᠭᠠᠨ︾ ᠪᠠᠶᠢᠬᠤ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠳᠠᠭᠤᠳᠠᠬᠤ ᠦᠭᠡᠢ ᠪᠤᠯ ᠬᠠᠷᠰᠢᠯᠠᠬᠤ ᠦᠭᠡᠢ ᠪᠠᠶᠢᠵᠤ᠂ ᠳᠠᠭᠤᠳᠠᠮᠠᠭᠴᠠ ᠬᠦᠷᠴᠦ ᠢᠷᠠᠨ᠂ ᠠᠵᠤ ᠠᠬᠤᠶᠢᠯᠠᠯᠲᠠᠨ ᠢ ︽ᠳᠡᠭᠡᠳᠦ ᠵᠣᠴᠢᠨ︾ ᠪᠣᠯᠭᠠᠬᠤ ᠬᠡᠷᠡᠭᠲᠡᠢ᠃ ᠵᠠᠰᠠᠭ ᠤᠨ ᠣᠷᠳᠣᠨ ᠪᠠ ᠠᠷᠡᠯᠵᠢᠶᠠᠴᠢᠨ ᠤ ᠬᠤᠭᠤᠷᠣᠨᠳᠣᠬᠢ ᠳᠣᠲᠣᠨᠣ ᠴᠢᠬᠡᠴᠢ ᠨᠢᠭᠡᠳᠦᠯᠲᠡᠢ ᠬᠠᠷᠢᠴᠠᠭ᠎ᠠ ᠶᠢ ᠬᠦᠴᠦᠯᠡᠨ ᠪᠠᠶᠢᠭᠤᠯᠵᠤ᠂ ᠠᠵᠤ ᠠᠬᠤᠶᠢᠯᠠᠯᠲᠠᠨ ᠢ ︽ᠭᠡᠷ ᠤᠨ ᠬᠥᠮᠦᠰ︾ ᠲᠠᠢ ᠪᠠᠨ ᠠᠳᠠᠯᠢ ᠦᠵᠡᠵᠦ᠂ ᠥᠷᠭᠡᠨ ᠤᠯᠠᠨ ᠠᠷᠠᠳ ᠤᠨ ᠡᠵᠡᠩᠨᠡᠯᠳᠠ ᠶᠢᠨ ᠠᠵᠤ ᠠᠬᠤᠶᠢᠯᠠᠯ ᠢ ᠲᠠᠬᠢᠨ ︽ᠨᠢᠭᠤᠭᠳᠠᠮᠠᠯ ᠲᠦᠷᠢᠮ︾ ᠳᠤ ᠪᠠᠷᠢᠭᠳᠠᠬᠤ ᠦᠭᠡᠢ ᠪᠣᠯᠭᠠᠬᠤ ᠬᠡᠷᠡᠭᠲᠡᠢ ᠭᠡᠵᠦ ᠬᠡᠯᠡᠪᠡ᠃      ᠰᠦᠨ ᠱᠤᠤ ᠴᠧᠩ᠂ ᠠᠷᠠᠯᠵᠢᠶᠠᠴᠢᠨ ᠤᠷᠢᠵᠤ ᠪᠡᠯᠡ ᠮᠦᠩᠭᠦ ᠤᠷᠤᠭᠤᠯᠤᠨ ᠠᠪᠴᠢᠷᠠᠬᠤ ᠠᠵᠢᠯ ᠢ ᠠᠳᠬᠤᠬᠤ ᠳᠤ᠂ ᠠᠵᠢᠯ ᠤᠨ ᠠᠶᠢᠵᠠᠮ ᠢ ᠡᠷᠬᠡᠪᠰᠢ  ᠲᠦᠷᠭᠡᠳᠭᠡᠵᠦ᠂ ᠳᠡᠭᠡᠷ᠎ᠡ ᠠᠴᠠ ᠳᠣᠷᠣᠭᠰᠢ ᠪᠦᠷ ︽ᠬᠥᠭᠵᠢᠶᠡᠨᠲᠡᠢ︾ ᠪᠣᠯᠭᠠᠬᠤ ᠬᠡᠷᠡᠭᠲᠡᠢ᠃ ᠪᠥᠬᠦ ᠣᠷᠣᠨ ᠢᠶᠠᠷ ᠢᠶᠠᠨ ︽ᠨᠢᠭᠡ ᠬᠥᠯᠭᠡ ᠰᠢᠲᠠᠷ᠎ᠠ ᠪᠤᠯᠬᠤ︾ ᠶᠢ ᠪᠠᠷᠢᠮᠲᠠᠯᠠᠵᠤ᠂ ᠡᠯ᠎ᠡ ᠭᠠᠵᠠᠷ ᠤᠨ ᠬᠢᠨ ᠠᠳᠠᠯᠢᠳᠬᠠᠵᠤ ᠰᠤᠷᠤᠯᠴᠠᠨ ᠭᠦᠢᠴᠡᠵᠤ ᠬᠠᠪᠰᠤᠷᠤᠨ ᠬᠠᠮᠳᠤ ᠪᠠᠷ ᠬᠢᠵᠤ᠂ ᠨᠢᠭᠡ ᠯᠡ ᠬᠡᠪᠰᠢᠯ ᠳᠤ ᠪᠠᠷᠢᠭᠳᠠᠬᠤ ᠥᠬᠡᠶ ᠪᠠᠷ ᠵᠣᠷᠢᠭᠲᠠᠢ ᠪᠠᠷ ᠬᠠᠶᠢᠨ ᠰᠦᠪᠡᠭᠴᠢᠯᠡᠨ ᠦᠢᠯᠡᠳᠦᠯᠭᠡᠵᠢᠭᠦᠯᠵᠦ᠂ ᠠᠵᠤ ᠠᠬᠤᠶᠢᠯᠠᠯ ᠪᠣᠯᠤᠨ ᠬᠤᠳᠠᠯᠳᠤᠭᠠᠴᠢᠳ ᠤᠨ ᠡᠪᠯᠡᠯ ᠵᠡᠷᠭᠡ ᠶᠢᠨ ᠦᠢᠯᠡᠳᠦᠯ ᠢ ᠪᠠᠳᠠᠷᠠᠭᠤᠯᠬᠤ ᠶᠢ ᠨᠠᠩ ᠴᠢᠬᠤᠯᠠᠴᠢᠯᠠᠬᠤ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠮᠦᠩᠭᠦ ᠤᠷᠤᠭᠤᠯᠤᠨ ᠠᠪᠴᠢᠷᠠᠬᠤ ᠳᠤ ᠪᠤᠲᠠᠲᠠᠢ ᠠᠵᠢᠯᠯᠠᠭ᠎ᠠ ᠶᠢ ᠦᠵᠡᠬᠦ ᠪᠦᠭᠡᠳ ᠨᠡᠩ ᠴᠦ ᠦᠷ᠎ᠡ ᠳ᠋ᠦᠩ ᠢ ᠦᠵᠡᠵᠦ᠂ ᠪᠡᠯᠡ ᠮᠥᠩᠭᠦ ᠶᠢ ᠪᠣᠳᠠᠲᠠᠶᠢᠵᠢᠭᠤᠯᠤᠭᠰᠠᠨ᠂ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠢᠶᠠᠨ ᠭᠤᠣᠯᠳᠠᠯᠭ᠎ᠠ ᠲᠠᠢ ᠦᠵᠡᠵᠦ᠂ ᠵᠢᠯ ᠤᠨ ᠡᠴᠦᠰ ᠲᠤ ᠳᠠᠩᠰᠠ ᠪᠣᠳᠣᠵᠤ᠂ ᠱᠠᠩᠨᠠᠵᠤ ᠲᠣᠷᠭᠠᠬᠤ ᠪᠠᠨ ᠲᠣᠳᠣᠷᠬᠠᠶ ᠪᠠᠶᠢᠯᠭᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠠᠵᠢᠯ ᠢᠶᠠᠨ ᠪᠣᠳᠠᠲᠠᠢ ᠬᠢᠵᠦ᠂ ᠺᠠᠳ᠋ᠷᠴᠤᠳ ᠲᠤ ᠢᠯᠡᠭᠦᠬᠡᠨ ᠲᠦᠰᠢᠭ ᠲᠤᠯᠭᠠᠭᠤᠷᠢ ᠪᠤᠯᠵᠤ ᠦᠨᠳᠦᠰᠦᠨ ᠵᠦᠢᠯ ᠢ ᠨᠢ ᠪᠠᠲᠤᠯᠠᠵᠤ᠂ ᠡᠷᠴᠢ ᠵᠣᠷᠢᠭ ᠢ ᠨᠢ ᠬᠥᠪᠴᠢᠯᠡᠵᠦ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠵᠢᠯ ᠤᠨ ᠳᠤᠮᠳᠠ ᠠᠴᠠ ᠺᠠᠳ᠋ᠷ ᠢ ᠢᠯᠡᠷᠡᠭᠦᠯᠬᠦ ᠪᠠ ᠬᠡᠷᠡᠭᠯᠡᠬᠦ ᠳᠡᠭᠡᠨ ᠴᠢᠳᠠᠮᠠᠭᠠᠢ ᠪᠠᠶᠢᠬᠤ ᠬᠡᠷᠡᠭᠲᠡᠢ ᠭᠡᠵᠦ ᠬᠡᠯᠡᠪᠡ᠃      ᠰᠦᠨ ᠱᠤᠤ ᠴᠧᠩ᠂ ᠠᠷᠠᠯᠵᠢᠶᠠᠴᠢᠨ ᠤᠷᠢᠵᠤ ᠪᠡᠯᠡ ᠮᠦᠩᠭᠦ ᠤᠷᠤᠭᠤᠯᠤᠨ ᠠᠪᠴᠢᠷᠠᠬᠤ ᠠᠵᠢᠯ ᠢ ᠠᠳᠬᠤᠬᠤ ᠳᠤ ︽ᠶᠡᠭᠡ︾ ᠶᠢ ᠠᠳᠬᠤᠬᠤ ᠮᠦᠷᠳᠡᠭᠡᠨ ︽ᠪᠠᠭ᠎ᠠ︾ ᠶᠢ ᠥᠯᠥ ᠤᠮᠠᠷᠳᠠᠬᠤ᠂ ︽ᠰᠢᠨ᠎ᠡ︾ ᠶᠢ ᠬᠦᠭᠡᠭᠡᠴᠡᠯᠳᠦᠬᠦ ᠮᠦᠷᠳᠡᠭᠡᠨ ︽ᠬᠠᠭᠤᠴᠢᠨ︾ ᠠᠴᠠ ᠦᠯᠦ ᠬᠠᠯᠠᠰᠢᠷᠠᠬᠤ ᠶᠢ ᠪᠠᠷᠢᠮᠳᠠᠯᠠᠵᠤ᠂ ᠶᠡᠭᠡ ᠪᠠᠭ᠎ᠠ ᠲᠦᠷᠦᠯ ᠵᠦᠢᠯ ᠢ ᠠᠳᠠᠯᠢᠬᠠᠨ ᠢᠶᠠᠷ ᠴᠢᠬᠤᠯᠠᠴᠢᠯᠠᠵᠤ᠂ ᠰᠢᠨ᠎ᠡ ᠬᠠᠭᠤᠴᠢᠨ ᠠᠵᠤ ᠠᠬᠤᠶᠢᠯᠠᠯ ᠳᠤ ᠠᠳᠠᠯᠢᠬᠠᠨ ᠬᠠᠨᠳᠤᠵᠤ᠂ ᠠᠳᠠᠯᠢᠬᠠᠨ ᠦᠢᠯᠡᠴᠢᠯᠡᠭᠡᠨ ᠤ ᠪᠠᠲᠤᠯᠠᠭ᠎ᠠ ᠪᠠ ᠲᠦᠷᠦ ᠶᠢᠨ ᠪᠣᠳᠣᠯᠭ᠎ᠠ ᠶᠢᠨ ᠳᠡᠮᠵᠢᠯᠭᠡ ᠬᠠᠩᠭᠠᠬᠤ ᠬᠡᠷᠡᠭᠲᠡᠢ᠃ ᠪᠠᠭᠠᠲᠤᠷ ᠡᠷ᠎ᠡ ᠪᠠᠭᠤᠤ ᠪᠠᠨ ᠴᠠᠪᠴᠢᠬᠤ ᠡᠷᠡᠰ ᠵᠣᠷᠢᠭ ᠢᠶᠠᠷ ᠳᠠᠷᠤᠶᠢᠬᠠᠨ ᠬᠥᠳᠡᠯᠦᠯᠴᠡᠵᠦ᠂ ᠣᠷᠣᠨ ᠤ ᠬᠠᠷᠢᠶ᠎ᠠ ᠪᠥᠬᠦᠶ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠯᠳᠠᠭᠳᠠᠯ ᠢᠶᠠᠨ ᠬᠤᠪᠢᠷᠠᠭᠤᠯᠤᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠪᠤᠵᠠᠭᠠᠶᠢᠷᠠᠭᠤᠯᠵᠤ ᠬᠦᠴᠦᠷᠬᠡᠭᠵᠢᠭᠦᠯᠦᠨ ᠰᠢᠯᠢᠳᠡᠭᠵᠢᠭᠦᠯᠬᠦ ᠶᠢ ᠲᠦᠷᠭᠡᠳᠬᠡᠬᠦ ᠬᠡᠷᠡᠭᠲᠡᠢ ᠭᠡᠵᠦ ᠬᠡᠯᠡᠪᠡ᠃      ᠬᠤᠷᠠᠯ ᠠᠴᠠ 2022 ᠣᠨ ᠤ ᠪᠦᠬᠦ ᠣᠷᠣᠨ ᠤ ᠠᠷᠠᠯᠵᠢᠶᠠᠴᠢᠨ ᠤᠷᠢᠵᠤ ᠪᠡᠯᠡ ᠮᠦᠩᠭᠦ ᠤᠷᠤᠭᠤᠯᠤᠨ ᠠᠪᠴᠢᠷᠠᠬᠤ ᠪᠠ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ 2023 ᠣᠨ ᠤ ᠠᠷᠠᠯᠵᠢᠶᠠᠴᠢᠨ ᠤᠷᠢᠵᠤ ᠪᠡᠯᠡ ᠮᠦᠩᠭᠦ ᠤᠷᠤᠭᠤᠯᠤᠨ ᠠᠪᠴᠢᠷᠠᠬᠤ ᠬᠠᠷᠠᠯᠲᠠ ᠡᠭᠦᠷᠭᠡ ᠶᠢᠨ ᠪᠢᠴᠢᠭ ᠢ ᠪᠠᠭᠤᠯᠭᠠᠪᠠ᠃ ᠬᠥᠬᠡᠬᠤᠲᠠ᠂ ᠪᠤᠭᠤᠲᠤ᠂ ᠣᠷᠳᠣᠰ᠂ ᠤᠯᠠᠭᠠᠨᠬᠠᠳᠠ᠂ ᠤᠯᠠᠭᠠᠨᠴᠠᠪ ᠵᠡᠷᠭᠡ 5 ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠰᠠᠨᠠᠯ ᠢᠶᠠᠨ ᠰᠣᠯᠢᠯᠴᠠᠬᠤ ᠦᠭᠡ ᠬᠡᠯᠡᠪᠡ᠃      ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃ ᠬᠤᠷᠠᠯ ᠠᠴᠠ ᠡᠮᠦᠨ᠎ᠡ᠂ ᠮᠤᠵᠢ ᠶᠢᠨ ᠲᠡᠰ ᠤᠨ ᠤᠳᠤᠷᠢᠳᠬᠤ ᠨᠥᠬᠦᠳ ᠪᠦᠬᠦ ᠣᠷᠣᠨ ᠵᠢᠴᠢ ᠡᠯ᠎ᠡ ᠠᠶᠢᠮᠠᠭ ᠬᠤᠳᠠ ᠶᠢᠨ ᠠᠷᠠᠯᠵᠢᠶᠠᠴᠢᠨ ᠤᠷᠢᠵᠤ ᠪᠡᠯᠡ ᠮᠦᠩᠭᠦ ᠤᠷᠤᠭᠤᠯᠤᠨ ᠠᠪᠴᠢᠷᠠᠬᠤ 2022 ᠣᠨ ᠤ ᠠᠵᠢᠯ ᠤᠨ ᠦᠷ᠎ᠡ ᠪᠦᠲᠦᠮᠵᠢ᠂ 2023 ᠣᠨ ᠤ ᠭᠤᠣᠯ ᠡᠭᠦᠷᠭᠡ ᠶᠢᠨ ᠦᠵᠡᠭᠦᠯᠭᠡ ᠶᠢ ᠲᠣᠭᠤᠷᠢᠨ ᠦᠵᠡᠪᠡ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号