ᠤᠯᠤᠰ ᠲᠦᠷᠦ ᠶᠢᠨ ᠵᠥᠪᠯᠡᠯᠭᠡᠨ ᠤ ᠦᠴᠤᠸᠠᠨ ᠰᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠬᠤᠷᠠᠯ ᠠᠴᠠ ᠬᠤᠶᠠᠳᠤᠭᠠᠷ ᠶᠡᠭᠡ ᠬᠤᠷᠠᠯ ᠬᠢᠪᠡ
ᠨᠡᠶᠢᠲᠡᠯᠡᠭᠰᠡᠨ ᠴᠠᠭ᠄
2023/1/9
     1 ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠤᠯᠤᠰ ᠲᠦᠷᠦ ᠶᠢᠨ ᠵᠥᠪᠯᠡᠯᠭᠡᠨ ᠤ ᠦᠴᠤᠸᠠᠨ ᠰᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠬᠤᠷᠠᠯ ᠠᠴᠠ ᠬᠤᠶᠠᠳᠤᠭᠠᠷ ᠶᠡᠭᠡ ᠬᠤᠷᠠᠯ ᠬᠢᠪᠡ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠧᠤ ᠵᠧᠨ ᠭᠤᠸᠠᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠳ᠋ᠦᠩ ᠸᠧᠨ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠢ ᠫᠦ᠋‌ᠤᠷᠢᠯᠭ᠎ᠠ ᠪᠠᠷ ᠲᠤᠰ ᠤᠳᠠᠭᠠᠨ ᠤ ᠶᠡᠭᠡ ᠬᠤᠷᠠᠯ ᠳᠤ ᠣᠷᠣᠯᠴᠠᠪᠠ᠃      ᠦᠴᠤᠸᠠᠨ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠰᠢᠶᠧ ᠴᠢᠦᠢ ᠫᠢᠩ ᠶᠡᠭᠡ ᠬᠤᠷᠠᠯ ᠢ ᠡᠷᠬᠢᠯᠡᠪᠡ᠃ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠯᠢ ᠳ᠋ᠧᠩ ᠬᠤᠩ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠵᠢᠶᠠᠨ ᠰᠢᠶᠦ᠋ᠩ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠰᠦᠸᠧ ᠶᠦᠩ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠵᠢᠩ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ 10 ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠨ ᠠᠬᠢᠭᠤᠯᠬᠤ᠂ ᠨᠦᠢᠯ ᠪᠤᠭᠤᠳᠠᠢ ᠶᠢᠨ ᠠᠵᠤ ᠦᠢᠯᠡᠰ ᠢ ᠬᠥᠭᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠮᠠᠨ ᠤ ᠰᠢᠶᠠᠨ ᠤ ᠲᠥᠮᠥᠰᠥ ᠶᠢᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠂ ᠮᠠᠨ ᠤ ᠰᠢᠶᠠᠨ ᠤ ᠠᠯᠠᠰᠢᠨ ᠬᠤᠨᠢᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠴᠡᠪᠡᠷ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠰᠢᠨ᠎ᠡ ᠬᠡᠯᠪᠡᠷᠢ ᠶᠢᠨ ᠡᠨᠧᠷᠭᠢ ᠶᠢᠨ ᠰᠠᠭᠤᠷᠢᠨ ᠢ ᠪᠠᠶᠢᠭᠤᠯᠬᠤ ᠵᠡᠷᠭᠡ ᠠᠷᠪᠠᠨ ᠲᠤᠰᠬᠠᠢ ᠰᠡᠳᠦᠪ ᠤᠨ ᠲᠣᠭᠤᠷᠢᠨ ᠳᠤ ᠶᠠᠷᠢᠶ᠎ᠠ ᠲᠠᠯᠪᠢᠵᠠᠢ᠃ ᠶᠠᠷᠢᠶᠠᠨ ᠤ ᠵᠠᠳᠠᠯᠤᠯᠲᠠ ᠨᠢ ᠭᠦᠨᠵᠡᠭᠡᠢ ᠪᠥᠭᠡᠳ ᠦᠵᠡᠯᠲᠡ ᠲᠠᠢ᠂ ᠦᠵᠡᠯᠲᠡ ᠨᠢ ᠰᠢᠨ᠎ᠡ ᠰᠠᠨᠠᠭ᠎ᠠ ᠲᠠᠢ᠂ ᠰᠠᠨᠠᠭᠤᠯᠭ᠎ᠠ ᠨᠢ ᠡᠷᠴᠢᠮ ᠲᠠᠢ ᠪᠠᠶᠢᠵᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠤᠯᠤᠰ ᠲᠦᠷᠦ ᠶᠢᠨ ᠡᠭᠦᠷᠭᠡᠯᠡᠯ ᠪᠠ ᠡᠭᠦᠷᠭᠡ ᠬᠠᠷᠢᠭᠤᠴᠠᠯᠭ᠎ᠠ ᠶᠢ ᠭᠦᠢᠴᠡᠳ ᠢᠯᠡᠷᠡᠭᠦᠯᠵᠦ᠂ ᠭᠡᠰᠢᠭᠦᠳ ᠤᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠤᠬᠠᠢ ᠬᠠᠯᠠᠮᠵᠢᠯᠠᠵᠤ ᠪᠠᠶᠢᠭ᠎ᠠ ᠰᠡᠳᠬᠢᠯᠭᠡ ᠶᠢ ᠢᠯᠡᠳᠬᠡᠵᠡᠢ᠃      ᠭᠡᠰᠢᠭᠦᠳ ᠤᠨ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠴᠢ ᠫᠦ᠋ ᠢᠯᠡᠷᠬᠡᠶᠢᠯᠡᠬᠦ ᠳᠡᠭᠡᠨ᠂ ᠳᠠᠷᠠᠭᠠᠴᠢ ᠶᠢᠨ ᠠᠯᠬᠤᠮ ᠤᠨ ᠠᠵᠢᠯ ᠳᠤᠮᠳᠠ ᠪᠠᠨ᠂ ᠰᠢᠶᠠᠨ ᠤ ᠵᠠᠰᠠᠭ ᠤᠨ ᠣᠷᠳᠣᠨ ᠨᠠᠷᠢᠨ ᠬᠢᠨᠠᠮᠠᠭᠠᠶ ᠡᠮᠬᠢᠯᠡᠨ ᠳᠢᠭᠯᠡᠵᠦ᠂ ᠴᠠᠭ ᠲᠤᠬᠠᠶ ᠳᠤᠨᠢ ᠰᠢᠩᠭᠡᠭᠡᠨ ᠠᠪᠴᠤ᠂ ᠭᠦᠨᠵᠡᠭᠡᠶ ᠰᠤᠳᠤᠯᠵᠤ᠂ ᠨᠥᠬᠦᠳ ᠤᠨ ᠦᠨᠡᠨ ᠦᠭᠡ᠂ ᠢᠳᠬᠠᠯ ᠦᠭᠡ ᠶᠢ ᠲᠦᠷᠭᠡᠨ ᠬᠥᠭᠵᠢᠯᠲᠡ ᠶᠢ ᠲᠦᠷᠭᠡᠳᠬᠡᠬᠦ᠂ ᠠᠵᠢᠯ ᠢ ᠠᠬᠢᠭᠤᠯᠬᠤ ᠰᠡᠳᠬᠢᠴᠡ ᠪᠠ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠶᠢᠨ ᠰᠢᠨᠵᠢᠯᠡᠬᠦ ᠤᠬᠠᠭᠠᠨᠴᠢᠯᠠᠯᠲᠠ᠂ ᠠᠷᠠᠳᠴᠢᠯᠠᠯᠲᠠ᠂ ᠬᠠᠤᠯᠢᠵᠢᠯ ᠤᠨ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠨᠡᠩ ᠰᠢᠯᠢᠳᠡᠭ ᠰᠡᠳᠬᠢᠴᠡ᠂ ᠨᠡᠩ ᠪᠣᠳᠠᠲᠠᠢ ᠠᠷᠭ᠎ᠠ ᠬᠡᠮᠵᠢᠶ᠎ᠡ᠂ ᠨᠡᠩ ᠰᠠᠶᠢᠨ ᠦᠷ᠎ᠡ ᠪᠦᠲᠦᠮᠵᠢ ᠪᠠᠷ ᠦᠴᠤᠸᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠠᠬᠢᠭᠤᠯᠵᠤ᠂ ᠯᠠᠪᠳᠠᠭᠤᠨ ᠢᠶᠠᠷ ᠬᠤᠯᠠ  ᠠᠶᠠᠯᠠᠬᠤ ᠬᠡᠷᠡᠭᠲᠡᠢ ᠭᠡᠪᠡ᠃      ᠰᠢᠶᠧ ᠴᠢᠦᠶ ᠫᠢᠩ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠤᠱᠯᠠᠭᠤᠯᠬᠤ ᠵᠠᠩᠭᠢᠯᠠᠭ᠎ᠠ ᠶᠢᠨ ᠵᠢᠯ ᠮᠥᠨ᠂ ᠰᠢᠶᠠᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠪᠣᠯᠤᠨ ᠶᠠᠭ ᠶᠠᠪᠤᠭᠳᠠᠵᠤ ᠪᠠᠶᠢᠭ᠎ᠠ ︽ᠬᠤᠶᠠᠷ ᠬᠤᠷᠠᠯ︾ ᠨᠢ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠵᠡᠷᠭᠡ ᠲᠠᠯ᠎ᠠ ᠪᠠᠷ ᠭᠤᠣᠯᠳᠠᠭᠤᠯᠤᠨ ᠡᠯ᠎ᠡ ᠵᠦᠢᠯ ᠤᠨ ᠠᠵᠢᠯ ᠤᠨ ᠡᠭᠦᠷᠭᠡ ᠶᠢ ᠲᠣᠳᠣᠷᠬᠠᠶᠢᠯᠠᠵᠤ᠂ ᠭᠡᠰᠢᠭᠦᠳ ᠰᠢᠶᠠᠨ ᠤ ᠨᠠᠮ ᠤᠨ ᠬᠤᠷᠢᠶ᠎ᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠪᠣᠯᠤᠨ ᠲᠤᠰ ᠤᠳᠠᠭ᠎ᠠ ᠶᠢᠨ ︽ᠬᠤᠶᠠᠷ ᠬᠤᠷᠠᠯ︾ ᠳᠤ ᠲᠣᠭᠲᠠᠭᠠᠭᠰᠠᠨ ᠬᠠᠷᠠᠯᠲᠠ ᠡᠭᠦᠷᠭᠡ ᠶᠢᠨ ᠶᠣᠰᠣᠭᠠᠷ ᠂ ᠦᠵᠡᠯ ᠰᠠᠨᠠᠭ᠎ᠠ ᠪᠠᠨ ᠴᠢᠨᠠᠭᠰᠢᠳᠠ ᠴᠢᠯᠥᠭᠡᠯᠡᠵᠦ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠥᠪᠯᠡᠷᠡᠭᠦᠯᠵᠦ᠂ ᠡᠭᠦᠷᠭᠡ ᠲᠤᠰᠢᠶᠠᠯ ᠢᠶᠠᠨ ᠢᠳᠡᠪᠬᠢᠲᠡᠢ ᠭᠦᠢᠴᠡᠳᠬᠡᠵᠦ᠂ ᠮᠠᠨ ᠤ ᠰᠢᠶᠠᠨ ᠤ ᠡᠯ᠎ᠡ ᠵᠦᠢᠯ ᠤᠨ ᠦᠢᠯᠡᠰ ᠤᠨ ᠬᠥᠭᠵᠢᠯᠲᠡ ᠳᠤ ᠤᠯᠤᠰ ᠲᠦᠷᠦ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号