ᠮᠠᠨ ᠤ ᠣᠷᠣᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠷᠤᠯᠭ᠎ᠠ 124.3% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2023/10/10
     ᠡᠨᠡ ᠵᠢᠯ ᠠᠴᠠ ᠨᠠᠭᠠᠰᠢ᠂ ᠮᠠᠨ ᠤ ᠣᠷᠣᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠳᠠᠬᠢ ᠪᠡᠯᠡ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ︽ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠢ ᠠᠬᠢᠭᠤᠯᠬᠤ ᠵᠢᠴᠢ ᠰᠤᠳᠤᠯᠤᠨ ᠨᠡᠭᠡᠭᠡᠬᠦ ᠳᠤ ᠪᠡᠯᠡ ᠤᠷᠤᠭᠤᠯᠬᠤ ᠰᠢᠪᠲᠤᠯᠤᠯᠲᠠ ᠶᠢᠨ ᠠᠵᠢᠯᠯᠠᠭ᠎ᠠ ᠶᠢᠨ ᠳᠤᠮᠳᠠ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠪᠠ᠃ 1-8 ᠰᠠᠷ᠎ᠠ ᠳᠤ ᠪᠦᠭᠦ ᠣᠷᠣᠨ ᠤ ᠡᠳ᠋ ᠤᠨ ᠵᠠᠰᠠᠭ ᠠᠴᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠳᠤ 42.4 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 124.3% ᠪᠠᠷ ᠨᠡᠮᠡᠭᠳᠡᠪᠡ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠠᠴᠠ 13.2 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2 ᠳᠠᠭᠢᠨ ᠨᠡᠮᠡᠭᠳᠡᠪᠡ︔ ᠠᠶᠢᠮᠠᠭ ᠬᠤᠲᠠ ᠶᠢᠨ ᠡᠳ᠋ ᠤᠨ ᠵᠠᠰᠠᠭ ᠠᠴᠠ 29.2 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠳᠠᠭᠢᠨ ᠨᠡᠮᠡᠭᠳᠡᠪᠡ᠃      ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠴᠢᠬᠤᠯᠠ ᠶᠡᠭᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠳᠤ ᠪᠡᠯᠡ ᠮᠥᠩᠭᠦ ᠪᠠᠭᠤᠯᠭᠠᠵᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠱᠠᠲᠤᠨ ᠤ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠳᠡᠮᠵᠢᠵᠡᠢ᠃ ᠡᠭᠦᠨ ᠳᠤ᠂ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠶᠡᠷᠦᠩᠬᠡᠢ ᠵᠠᠬᠢᠷᠭ᠎ᠠ ᠶᠢ ᠪᠠᠶᠢᠭᠤᠯᠵᠤ ᠣᠲᠣ ᠨᠢᠭᠡᠨᠲᠡ ᠵᠢᠩᠬᠢᠨᠢ ᠪᠠᠷ ᠡᠬᠢᠯᠡᠨ ᠬᠡᠷᠡᠭᠵᠢᠭᠦᠯᠵᠦ᠂ ᠤᠯᠤᠰ ᠤᠨ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠠ ᠤᠯᠤᠰ ᠤᠨ ᠡᠪᠡᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠡᠷᠭᠡ ᠴᠢᠬᠤᠯᠠ ᠶᠡᠭᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠪᠠ᠃      ᠤᠯᠤᠰ ᠤᠨ ᠳᠡᠰ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠭᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠡᠮᠵᠢᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠨᠳᠤᠤᠰᠢᠭᠤᠯᠤᠯᠳᠠ ᠶᠢᠨ ᠲᠤᠰᠬᠠᠢ ᠪᠡᠯᠡ ᠮᠥᠩᠭᠦ ᠪᠠᠭᠤᠯᠭᠠᠵᠤ ᠤᠯᠤᠰ ᠤᠨ ᠳᠡᠰ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠭᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠡᠮᠵᠢᠪᠡ᠃ ᠭᠦᠭᠡᠬᠤᠲᠠ ᠪᠤᠭᠤᠲᠤ ᠣᠷᠳᠣᠰ ᠭᠤᠷᠪᠠᠨ ᠬᠤᠲᠠ ᠶᠢᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠭᠦ ᠲᠣᠭᠤᠷᠢᠭ ᠤᠨ ᠰᠢᠨ᠎ᠡ ᠶᠢ ᠡᠭᠦᠳᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠷᠳᠣᠰ ᠤᠨ ᠤᠯᠤᠰ ᠤᠨ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠭᠦ ᠲᠣᠭᠤᠷᠢᠭ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠨᠢ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠪᠠ ᠪᠡᠯᠡ ᠮᠥᠩᠭᠦ ᠶᠢᠨ ᠳᠡᠮᠵᠢᠯᠭᠡ ᠶᠢ ᠣᠯᠪᠠ᠃      ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢ ᠪᠠᠭᠤᠯᠭᠠᠵᠤ ᠰᠠᠭᠤᠷᠢ ᠰᠤᠳᠤᠯᠭᠠᠨ ᠤ 800 ᠭᠠᠷᠤᠢ ᠲᠦᠷᠦᠯ ᠵᠦᠢᠯ ᠢ ᠲᠠᠮᠵᠢᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠴᠢᠬᠤᠯᠠ ᠶᠡᠭᠡ ᠲᠤᠰᠬᠠᠢ ᠲᠦᠷᠦᠯ ᠤᠨ ᠪᠡᠯᠡ ᠮᠥᠩᠭᠦ ᠶᠢ ᠪᠠᠭᠤᠯᠭᠠᠵᠤ  ︽ᠬᠤᠣᠰ ᠨᠡᠭᠦᠷᠡᠰᠦᠲᠥ᠋ᠷᠥᠭᠴᠢ︾ ᠶᠢᠨ ᠬᠦᠷᠢᠶ᠎ᠡ ᠪᠣᠯᠣᠨ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠵᠡᠷᠭᠡ ᠬᠦᠷᠢᠶᠡᠨ ᠳᠤ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ ᠤᠨ ᠪᠣᠭᠤᠮᠲᠠ ᠰᠢᠪᠲᠤᠯᠬᠤ ᠶᠢ ᠳᠡᠮᠵᠢᠵᠦ᠂ ᠬᠡᠷᠡᠭᠯᠡᠭᠡᠨ ᠤ ᠮᠡᠷᠭᠡᠵᠢᠯ ᠤᠨ ᠰᠤᠳᠤᠯᠭᠠᠨ ᠪᠣᠯᠣᠨ ᠨᠡᠭᠡᠭᠡᠨ ᠬᠥᠭᠵᠢᠭᠦᠯᠦᠯᠲᠡ ᠶᠢᠨ ᠲᠤᠰᠬᠠᠢ ᠪᠡᠯᠡ ᠮᠥᠩᠭᠦ ᠶᠢ ᠪᠠᠭᠤᠯᠭᠠᠵᠤ ᠭᠤᠣᠯᠳᠠᠯᠭ᠎ᠠ ᠲᠠᠢ ᠠᠵᠤ ᠦᠢᠯᠡᠰ ᠤᠨ ᠰᠦᠷᠦᠭᠵᠢᠯ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠬᠦᠷᠢᠶᠡᠨ ᠳᠤ ᠬᠡᠷᠡᠭᠯᠡᠭᠡᠨ ᠤ ᠮᠡᠷᠭᠡᠵᠢᠯ ᠤᠨ ᠰᠤᠳᠤᠯᠭᠠᠨ ᠥᠷᠨᠢᠭᠦᠯᠬᠦ ᠶᠢ ᠲᠡᠮᠵᠢᠪᠡ᠃      ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠤᠰᠬᠠᠢ ᠪᠡᠯᠡ ᠮᠥᠩᠭᠦ ᠪᠠᠭᠤᠯᠭᠠᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ 19 ᠳᠠᠭᠠᠭᠤᠯᠤᠭᠴᠢ ᠠᠵᠤ ᠠᠬᠤᠶᠢᠯᠠᠯ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ 443 ᠠᠵᠤ ᠠᠬᠤᠶᠢᠯᠠᠯ ᠵᠡᠷᠭᠡ ᠳᠤ ᠱᠠᠩᠨᠠᠯ ᠨᠥᠬᠦᠪᠦᠷᠢ ᠣᠯᠭᠤᠵᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠯᠲᠡ  ᠳᠤ ᠪᠡᠯᠡ ᠣᠷᠣᠭᠤᠯᠤᠯᠲᠠ ᠪᠠᠨ ᠨᠡᠮᠡᠭᠳᠡᠭᠦᠯᠬᠦ ᠶᠢ ᠬᠥᠲᠥᠯᠥᠨ ᠵᠢᠯᠤᠭᠤᠳᠬᠤ ᠪᠠ ᠵᠣᠷᠢᠬᠵᠢᠭᠤᠯᠪᠡ︔ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠬᠠᠮᠲᠤᠷᠠᠯᠴᠠᠭ᠎ᠠ ᠥᠷᠨᠢᠭᠦᠯᠬᠦ ᠶᠢ ᠳᠡᠮᠵᠢᠵᠦ᠂ ᠮᠡᠷᠭᠡᠵᠢᠯ ᠢ ᠰᠤᠳᠤᠯᠤᠨ ᠨᠡᠭᠡᠭᠡᠬᠦ᠂ ᠴᠢᠳᠠᠪᠤᠷᠢᠲᠠᠨ ᠢ ᠬᠥᠮᠥᠵᠢᠭᠦᠯᠬᠦ᠂ ᠦᠷ᠎ᠡ ᠪᠦᠲᠦᠭᠡᠯ ᠢ ᠣᠨᠳᠣᠣᠰᠢᠭᠤᠯᠬᠤ ᠵᠡᠷᠭᠡ ᠪᠠᠷ ᠳᠠᠮᠵᠢᠭᠤᠯᠤᠨ ᠮᠠᠨ ᠤ ᠣᠷᠣᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号