ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2023 ᠣᠨ ᠤ 10 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/11
     10 ᠰᠠᠷ᠎ᠠ ᠶᠢᠨ 9  ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 10 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ︾ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠠᠷᠠᠭ᠎ᠠ ᠪᠠᠷ ᠨᠢ᠂ ᠬᠡᠰᠡᠭ ᠭᠤᠣᠯ ᠳᠤᠭᠤᠶᠢᠯᠠᠩ ᠤᠨ ᠪᠦᠷᠢᠯᠳᠦᠭᠦᠨ ᠲᠤᠰ ᠲᠤᠰ ᠰᠤᠷᠤᠯᠴᠠᠯᠭ᠎ᠠ ᠶᠢᠨ ᠭᠤᠣᠯ ᠰᠡᠳᠦᠪ ᠤᠨ ᠲᠣᠭᠤᠷᠢᠨ ᠳᠤ ᠦᠵᠡᠯ ᠰᠠᠨᠠᠭ᠎ᠠ ᠪᠣᠯᠣᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠨᠠᠮ ᠤᠨ ᠬᠡᠪᠴᠢᠶᠡᠨ ᠳᠤ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠣᠨ ᠨᠠᠶᠢᠳᠠᠪᠤᠷᠢᠵᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠮᠥᠨ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠭᠦᠨᠵᠡᠭᠡᠢ ᠠᠬᠢᠭᠤᠯᠬᠤ ᠴᠢᠬᠤᠯᠠ ᠪᠠᠶᠢᠷᠢᠯᠠᠭᠤᠯᠤᠯᠲᠠ ᠮᠥᠨ᠂ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠭᠤᠣᠯ ᠰᠡᠳᠦᠪᠲᠦ ᠬᠥᠮᠦᠵᠢᠯ ᠤᠨ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠦᠬᠦ ᠲᠠᠯ᠎ᠠ  ᠪᠠᠷ ᠣᠨᠣᠪᠴᠢᠲᠠᠶ ᠡᠵᠡᠮᠰᠢᠵᠦ᠂ ︽ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ︾ ᠦᠨᠳᠦᠰᠦᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠰᠡᠳᠬᠢᠯ ᠢᠶᠠᠨ ᠨᠢᠭᠲᠠᠷᠠᠭᠤᠯᠵᠤ ᠰᠦᠭ ᠰᠦᠨᠡᠰᠦ ᠶᠢ ᠱᠤᠭᠤᠵᠤ ᠦᠨᠳᠦᠰᠦ ᠶᠢ ᠪᠠᠬᠢᠵᠢᠭᠦᠯᠬᠦ᠂  ᠵᠠᠩ ᠴᠢᠨᠠᠷ ᠢ ᠳᠠᠪᠲᠠᠨ ᠪᠣᠯᠪᠠᠰᠤᠷᠠᠭᠤᠯᠵᠤ ᠦᠨᠡᠨᠴᠢ ᠰᠢᠳᠤᠷᠭᠤ ᠶᠢ ᠴᠢᠩᠭᠠᠳᠬᠠᠬᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ ᠬᠥᠭᠵᠢᠯᠲᠡ ᠶᠢ ᠠᠬᠢᠭᠤᠯᠬᠤ᠂ ᠵᠣᠷᠢᠯᠲᠠ ᠪᠠᠨ ᠦᠢᠯᠡᠳᠦᠯᠭᠡᠵᠢᠭᠦᠯᠵᠦ ᠠᠷᠠᠳ ᠲᠤ ᠪᠤᠶᠠᠨ ᠦᠢᠯᠡᠳᠬᠦ᠂ ᠠᠷᠢᠭᠤᠨ ᠴᠢᠬᠡᠴᠢ ᠪᠠᠷ ᠠᠯᠪᠠᠨ ᠳᠤ ᠦᠢᠯᠡᠴᠢᠯᠡᠵᠦ ᠰᠢᠨ᠎ᠡ ᠰᠤᠷᠲᠠᠯ ᠢ ᠪᠤᠢ ᠪᠣᠯᠭᠠᠬᠤ︾ ᠪᠣᠳᠠᠲᠠᠢ ᠬᠠᠷᠠᠯᠲᠠ ᠶᠢ ᠴᠢᠩᠭ᠎ᠠ ᠠᠩᠬᠠᠷᠴᠤ᠂ ︽ᠤᠨᠤᠯ ᠰᠤᠷᠤᠯᠴᠠᠬᠤ᠂ ᠪᠠᠶᠢᠴᠠᠭᠠᠨ ᠰᠤᠳᠤᠯᠤᠯᠲᠠ ᠬᠢᠬᠦ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ︾ ᠠᠵᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠠᠳᠬᠤᠵᠤ᠂ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ᠂ ᠠᠯᠬᠤᠮ ᠠᠯᠬᠤᠮ ᠢᠶᠠᠷ ᠭᠦᠨᠵᠡᠭᠡᠶᠢᠷᠡᠭᠦᠯᠬᠦ ᠶᠢ ᠠᠬᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠨᠡᠨᠬᠦ ᠬᠦᠰᠡᠯᠡᠩ ᠢ ᠪᠠᠲᠤᠳᠬᠠᠬᠤ᠂ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠬᠤ ᠪᠠ ᠦᠢᠯᠡᠳᠦᠯᠭᠡ ᠶᠢ ᠵᠢᠯᠤᠭᠤᠳᠬᠤ᠂ ᠠᠵᠢᠯ ᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠤᠨ᠎ᠠ᠃      ᠬᠤᠷᠠᠯ ᠠᠴᠠ ᠱᠠᠭᠠᠷᠳᠠᠭᠰᠠᠨ ᠨᠢ᠂ ᠭᠤᠣᠯ ᠰᠡᠳᠦᠪᠲᠦ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠪᠦᠬᠦ ᠲᠠᠯ᠎ᠠ ᠪᠠᠷ ᠰᠤᠷᠤᠯᠴᠠᠬᠤ᠂ ᠭᠤᠣᠯᠳᠠᠯᠭ᠎ᠠ ᠲᠠᠢ ᠰᠤᠷᠤᠯᠴᠠᠬᠤ ᠪᠠ ᠪᠣᠳᠠᠲᠠᠢ ᠲᠠᠢ ᠤᠶᠠᠯᠳᠤᠭᠤᠯᠤᠨ ᠰᠤᠷᠤᠯᠴᠠᠬᠤ ᠶᠢ ᠪᠠᠷᠢᠮᠲᠠᠯᠠᠵᠤ᠂ ᠤᠨᠤᠯ ᠤᠨ ᠶᠡᠭᠡ ᠰᠤᠷᠤᠯᠴᠠᠯᠭ᠎ᠠ᠂ ᠦᠵᠡᠯ ᠰᠠᠨᠠᠭᠠᠨ ᠤ ᠶᠡᠭᠡ ᠵᠡᠪᠰᠡᠭᠯᠡᠯ ᠢ ᠭᠦᠨᠵᠡᠭᠡᠢ ᠪᠥᠭᠡᠳ ᠪᠣᠳᠠᠲᠠᠶᠢᠵᠢᠭᠤᠯᠵᠤ᠂ ᠤᠶᠤᠨ ᠰᠠᠨᠠᠭᠠᠨ ᠤ ᠭᠦᠨ ᠠᠴᠠ ᠨᠢᠭᠡ ᠤᠳᠠᠭ᠎ᠠ ᠶᠢᠨ ᠲᠤᠶᠢᠯᠪᠤᠷᠢᠲᠠᠢ ᠳᠠᠪᠲᠠᠯᠲᠠ ᠶᠢ ᠬᠦᠯᠢᠶᠡᠵᠦ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠦᠵᠡᠯ ᠰᠠᠨᠠᠭᠠᠨ ᠤ ᠰᠠᠭᠤᠷᠢ ᠶᠢ ᠪᠠᠲᠤᠳᠬᠠᠬᠤ ᠬᠡᠷᠡᠭᠲᠡᠢ᠃ ᠰᠤᠷᠤᠯᠴᠠᠯᠭ᠎ᠠ ᠶᠢ ᠰᠢᠨᠲᠠᠷᠠᠰᠢ ᠦᠭᠡᠢ ᠰᠠᠶᠢᠲᠤᠷ ᠠᠳᠬᠤᠵᠤ᠂ ᠨᠠᠮ ᠤᠨ ᠤᠨᠤᠯ ᠤᠨ ᠰᠢᠨ᠎ᠡ ᠶᠢ ᠡᠭᠦᠳᠬᠦ ᠳᠤᠮᠳᠠ ᠠᠴᠠ ᠤᠶᠤᠨ ᠤᠬᠠᠭᠠᠨ ᠪᠠ ᠬᠦᠴᠦᠨ ᠴᠢᠳᠠᠯ ᠣᠯᠵᠤ᠂ ᠤᠯᠤᠰ ᠲᠦᠷᠦ ᠶᠢᠨ ᠴᠢᠳᠠᠪᠤᠷᠢ᠂ ᠰᠡᠳᠬᠢᠬᠦ ᠴᠢᠳᠠᠪᠤᠷᠢ᠂ ᠦᠢᠯᠡᠳᠦᠯᠭᠡ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠶᠢ ᠲᠣᠪᠣᠶᠢᠮ᠎ᠠ ᠪᠠᠶᠢᠷᠢᠨ ᠳᠤ ᠲᠠᠯᠪᠢᠵᠤ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ ᠪᠠᠷ ᠰᠢᠯᠭᠠᠷᠠᠭᠰᠠᠨ ᠰᠤᠷᠲᠠᠯ ᠢ ᠳᠠᠪᠲᠠᠨ ᠪᠣᠯᠪᠠᠰᠤᠷᠠᠭᠤᠯᠬᠤ ᠶᠢ ᠪᠠᠷᠢᠮᠲᠠᠯᠠᠵᠤ᠂ ᠪᠣᠳᠠᠲᠠᠢ ᠶᠢ ᠡᠷᠬᠢᠮᠯᠡᠬᠦ ᠰᠤᠷᠲᠠᠯ ᠢ ᠶᠡᠬᠡᠪᠡᠷ ᠪᠠᠳᠠᠷᠠᠭᠤᠯᠵᠤ᠂ ᠠᠷᠢᠭᠤᠨ ᠴᠢᠬᠡᠴᠢ ᠰᠤᠷᠲᠠᠯ ᠢ ᠪᠠᠳᠠᠷᠠᠭᠤᠯᠵᠤ᠂ ᠠᠷᠪᠢᠴᠢ ᠪᠣᠷᠣᠭᠵᠢᠭᠤᠨ ᠰᠤᠷᠲᠠᠯ ᠢ ᠪᠤᠢ ᠪᠣᠯᠭᠠᠬᠤ ᠬᠡᠷᠡᠭᠲᠡᠢ᠃ ᠪᠥᠬᠦ ᠰᠢᠶᠠᠨ ᠤ ᠭᠤᠣᠯᠳᠠᠯᠭ᠎ᠠ ᠲᠠᠢ ᠠᠵᠢᠯ᠂ ᠣᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠰᠠᠨᠠᠭᠰᠠᠨ︾᠂ ᠪᠥᠬᠦ ᠵᠢᠯ ᠤᠨ ᠬᠠᠷᠠᠯᠲᠠ ᠡᠭᠦᠷᠭᠡ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ︽ᠰᠤᠷᠤᠯᠴᠠᠬᠤ ᠳᠤᠮᠳᠠ ᠪᠠᠨ ᠠᠵᠢᠯᠯᠠᠬᠤ᠂ ᠠᠵᠢᠯᠯᠠᠬᠤ ᠳᠤᠮᠳᠠ ᠪᠠᠨ ᠰᠤᠷᠤᠯᠴᠠᠬᠤ︾ ᠶᠢ ᠲᠣᠪᠤᠶᠢᠯᠭᠠᠨ᠂ ᠭᠤᠣᠯ ᠰᠡᠳᠦᠪᠲᠦ ᠬᠥᠮᠦᠵᠢᠯ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠭᠤᠣᠯ ᠠᠵᠢᠯ ᠢ ᠲᠦᠯᠬᠢᠨ ᠠᠬᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠳᠡᠭᠡᠷ᠎ᠡ ᠢᠯᠡᠷᠡᠭᠦᠯᠵᠦ᠂ ᠨᠢᠭᠡ ᠪᠦᠯᠦᠭ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ᠂ ᠦᠨᠳᠦᠰᠦᠨ ᠱᠠᠲᠤᠨ ᠤ ᠬᠦᠰᠡᠯ ᠡᠷᠡᠮᠡᠯᠵᠡᠯ  ᠠᠷᠠᠳ ᠤᠨ ᠰᠡᠳᠬᠢᠯ ᠤᠨ ᠬᠠᠨᠳᠤᠰᠢ ᠶᠢᠨ ᠠᠰᠠᠭᠤᠳᠠᠯ ᠢ ᠰᠢᠢᠳᠪᠦᠷᠢᠯᠡᠬᠦ ᠶᠢ ᠬᠦᠴᠦᠯᠡᠨ ᠠᠬᠢᠭᠤᠯᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠢᠶᠠᠷ ᠳᠠᠮᠵᠢᠭᠤᠯᠤᠨ᠂ ᠺᠠᠳ᠋ᠷᠴᠤᠳ ᠤᠨ ᠠᠵᠢᠯ ᠬᠢᠵᠦ ᠦᠢᠯᠡᠰ ᠪᠣᠰᠬᠠᠬᠤ ᠴᠤᠭ ᠰᠦᠯᠳᠡ ᠶᠢ ᠤᠯᠠᠮ ᠴᠢᠨᠠᠭᠰᠢᠳᠠ ᠪᠠᠳᠠᠷᠠᠭᠤᠯᠵᠤ᠂ ᠦᠨᠡᠨ ᠢ ᠪᠠᠷᠢᠮᠲᠠᠯᠠᠨ ᠬᠠᠲᠠᠭᠤ ᠶᠢ ᠬᠦᠨᠳᠡᠬᠦ ᠡᠷᠴᠢ ᠵᠣᠷᠢᠭ᠂ ᠡᠴᠦᠰ ᠲᠤᠨᠢ ᠲᠤᠯᠲᠠᠯ᠎ᠠ ᠠᠳᠬᠤᠬᠤ ᠬᠠᠳᠠᠨ ᠵᠣᠷᠢᠭ ᠢ ᠦᠨᠡᠨᠬᠦ ᠪᠠᠳᠠᠷᠠᠭᠤᠯᠵᠤ᠂ ᠵᠣᠷᠢᠭᠲᠠᠢ ᠰᠡᠳᠬᠢᠵᠦ ᠵᠣᠷᠢᠭᠲᠠᠢ ᠠᠵᠢᠯᠯᠠᠬᠤ᠂ ᠵᠣᠷᠢᠭᠲᠠᠢ ᠬᠢᠵᠦ ᠵᠣᠷᠢᠭᠲᠠᠢ ᠲᠤᠷᠰᠢᠬᠤ᠂ ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠵᠣᠭᠰᠣᠬᠤ ᠦᠭᠡᠢ ᠵᠣᠷᠢᠭ ᠰᠠᠨᠠᠭᠠᠨ ᠤ ᠳᠦᠷᠰᠦ ᠪᠠᠶᠢᠳᠠᠯ ᠢᠶᠠᠷ ᠪᠦᠬᠦ ᠰᠢᠶᠠᠨ ᠤ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号