ᠦᠴᠦᠸᠠᠨ ᠰᠢᠶᠠᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 111 ᠳ᠋ᠦ᠋ᠭᠡᠷ ᠤᠳᠠᠭ᠎ᠠ ᠶᠢᠨ ᠬᠤᠷᠠᠯ ᠵᠢᠴᠢ ᠰᠢᠶᠠᠨ ᠤ ᠨᠠᠮ ᠤᠨ ᠬᠤᠷᠢᠶ᠎ᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ 2 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/11
     10 ᠰᠠᠷ᠎ᠠ ᠶᠢᠨ 9 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 111 ᠳ᠋ᠦ᠋ᠭᠡᠷ ᠤᠳᠠᠭ᠎ᠠ ᠶᠢᠨ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ 2 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠤᠯᠪᠣᠭᠳᠠᠯ ᠪᠦᠬᠦᠢ ᠮᠡᠳᠡᠭᠳᠡᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 9 ᠳ᠋ᠦ᠋ᠭᠡᠷ ᠰᠠᠷ᠎ᠠ ᠶᠢᠨ 28 ᠤ ᠡᠳᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠪᠠ 10 ᠳ᠋ᠤᠭᠠᠷ ᠰᠠᠷ᠎ᠠ ᠶᠢᠨ 7 ᠤ ᠡᠳᠦᠷ ᠤᠨ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 96 ᠳ᠋ᠤᠭᠠᠷ ᠬᠤᠷᠠᠯ ᠵᠡᠷᠭᠡ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠴᠢᠬᠤᠯᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠬᠤ ᠤᠯᠤᠰ ᠲᠦᠷᠦ ᠶᠢᠨ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠭᠤᠷᠢᠨ ᠪᠠᠶᠢᠴᠠᠭᠠᠬᠤ ᠠᠵᠢᠯ ᠤᠨ ᠦᠷ᠎ᠡ ᠪᠦᠲᠦᠮᠵᠢ ᠶᠢ ᠮᠠᠨ ᠤ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠡᠮᠡᠭᠲᠡᠶᠢᠴᠦᠳ ᠬᠡᠦᠬᠡᠳ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠡᠮᠡᠭᠲᠡᠶᠢᠴᠦᠳ ᠤᠨ ᠬᠤᠯᠪᠣᠭ᠎ᠠ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠤ ᠪᠦᠯᠬᠦᠮ ᠤᠨ ᠠᠵᠢᠯ ᠤᠨ ᠨᠢᠭᠲᠠᠷᠠᠯ ᠤᠨ ᠬᠦᠴᠦᠨ᠂ ᠨᠥᠯᠥᠭᠡᠯᠡᠬᠦ ᠬᠦᠴᠦᠨ᠂ ᠤᠷᠢᠶᠠᠯᠠᠬᠤ ᠬᠦᠴᠦᠨ ᠢ ᠲᠠᠰᠤᠷᠠᠯᠲᠠ ᠦᠭᠡᠢ ᠴᠢᠩᠭᠠᠳᠬᠠᠵᠤ᠂ ᠤᠯᠠᠨ ᠲᠦᠮᠡᠨᠴᠢ ᠱᠤᠭᠤᠮ ᠢ ᠦᠢᠯᠡᠳᠦᠯᠭᠡᠵᠢᠭᠦᠯᠵᠦ᠂ ᠰᠤᠷᠲᠠᠯ ᠢᠶᠠᠨ ᠴᠢᠷᠮᠠᠶᠢᠨ ᠰᠠᠶᠢᠵᠢᠷᠠᠭᠤᠯᠵᠤ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠤᠯᠠᠨ ᠲᠦᠮᠡᠨ ᠤ ᠪᠦᠯᠬᠦᠮ ᠤᠨ ᠺᠠᠳ᠋ᠷᠴᠤᠳ ᠢ ᠪᠠᠶᠢᠩᠭᠤ ᠵᠣᠬᠢᠶᠠᠨ ᠪᠠᠶᠢᠭᠤᠯᠵᠤ ᠬᠦᠴᠢᠷᠳᠡᠯᠲᠡᠢ ᠤᠯᠠᠨ ᠲᠦᠮᠡᠨ ᠤ ᠪᠣᠳᠠᠲᠠᠢ ᠬᠡᠷᠡᠭᠴᠡᠭᠡ ᠶᠢ ᠭᠦᠨᠵᠡᠭᠡᠢ ᠣᠶᠢᠯᠠᠭᠠᠭᠤᠯᠵᠤ᠂ ᠤᠯᠠᠨ ᠲᠦᠮᠡᠨ ᠤ ᠲᠤᠰᠬᠠᠭᠰᠠᠨ ᠪᠠᠴᠢᠮ ᠶᠠᠪᠤᠳᠠᠯ ᠬᠦᠴᠢᠷ ᠶᠠᠪᠤᠳᠠᠯ ᠢ ᠦᠨᠡᠨᠬᠦ ᠰᠢᠢᠳᠪᠦᠷᠢᠯᠡᠵᠦ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠤᠯᠤᠰ ᠲᠥᠷᠥ ᠶᠢᠨ ᠠᠴᠢ ᠬᠤᠯᠪᠣᠭᠳᠠᠯ᠂ ᠣᠨᠣᠯ ᠤᠨ ᠠᠴᠢ ᠬᠤᠯᠪᠣᠭᠳᠠᠯ ᠪᠠ ᠦᠢᠯᠡᠳᠦᠯᠭᠡ ᠶᠢᠨ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠪᠦᠬᠦ ᠲᠠᠯ᠎ᠠ ᠪᠠᠷ ᠰᠤᠷᠤᠯᠴᠠᠬᠤ᠂ ᠭᠤᠣᠯᠳᠠᠯᠭ᠎ᠠ ᠲᠠᠢ ᠰᠤᠷᠤᠯᠴᠠᠬᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠬᠤ ᠶᠢ ᠪᠠᠷᠢᠮᠲᠠᠯᠠᠵᠤ᠂ ᠰᠤᠷᠤᠯᠴᠠᠬᠤ ᠶᠢᠨ ᠳᠠᠭᠠᠤ ᠰᠡᠳᠬᠢᠵᠦ᠂ ᠦᠢᠯᠡᠳᠦᠯᠭᠡᠵᠢᠭᠦᠯᠬᠦ ᠶᠢᠨ ᠳᠠᠭᠠᠤ ᠤᠬᠠᠭᠠᠷᠠᠨ ᠮᠡᠳᠡᠵᠦ᠂ ᠰᠦᠪᠡᠭᠴᠢᠯᠡᠬᠦ ᠶᠢᠨ ᠳᠠᠭᠠᠤ ᠳ᠋ᠦᠩᠨᠡᠵᠦ᠂ ᠠᠰᠠᠭᠤᠳᠠᠯ ᠢ ᠦᠨᠡᠨ ᠰᠢᠢᠳᠪᠦᠷᠢᠯᠡᠬᠦ᠂ ᠦᠨᠡᠨ ᠠᠰᠠᠭᠤᠳᠠᠯ ᠢ ᠰᠢᠢᠳᠪᠦᠷᠢᠯᠡᠬᠦ ᠶᠢ ᠢᠮᠠᠭᠲᠠ ᠲᠤᠭᠤᠰᠢᠯᠠᠭᠤᠯᠵᠤ᠂ ᠡᠭᠦᠨ ᠤ ᠤᠯᠠᠮ ᠢᠶᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠦᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠰᠡᠷᠭᠡᠶᠢᠯᠡᠵᠦ᠂ ᠶᠠᠰᠤ ᠴᠢᠨᠠᠷ ᠪᠠ ᠦᠷ᠎ᠡ ᠪᠦᠲᠦᠮᠵᠢ ᠶᠢᠨ ᠲᠠᠯ᠎ᠠ ᠪᠠᠷ ᠬᠦᠴᠦ ᠲᠠᠯᠪᠢᠵᠤ᠂ ᠴᠢᠩᠭ᠎ᠠ ᠪᠣᠳᠠᠲᠠᠢ ᠰᠤᠷᠲᠠᠯ ᠢᠶᠠᠷ ᠭᠤᠣᠯ ᠰᠡᠳᠦᠪᠲᠦ ᠬᠥᠮᠦᠵᠢᠯ ᠤᠨ ᠤᠯᠤᠰ ᠲᠥᠷᠥᠴᠢ ᠴᠢᠨᠠᠷ᠂ ᠲᠥᠪ ᠴᠢᠩᠭ᠎ᠠ ᠴᠢᠨᠠᠷ ᠢ ᠪᠠᠲᠤᠯᠠᠬᠤ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠭᠤᠰᠢᠯᠠᠭᠤᠯᠣᠨ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠢ ᠠᠷᠪᠢᠯᠠᠬᠤ ᠪᠠ ᠬᠠᠮᠠᠭᠠᠯᠠᠵᠤ ᠬᠢᠨᠠᠨ ᠬᠠᠮᠢᠶᠠᠷᠬᠤ ᠵᠡᠷᠭᠡ ᠡᠯ᠎ᠡ ᠵᠦᠢᠯ ᠤᠨ ᠠᠵᠢᠯ ᠢ ᠦᠨᠡᠨᠬᠦ ᠴᠢᠩᠭᠠᠳᠬᠠᠵᠤ᠂ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠠᠵᠢᠯ ᠢ ᠰᠠᠶᠢᠲᠤᠷ ᠬᠢᠵᠦ᠂ ᠤᠰᠤᠨ ᠤ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠶᠢ ᠪᠡᠶᠡᠯᠡᠭᠦᠯᠬᠦ ᠪᠠᠷ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠬᠡᠷᠡᠭᠲᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠪᠠᠶᠢᠷᠢᠯᠠᠭᠤᠯᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号