ᠮᠠᠨ ᠤ ᠣᠷᠣᠨ ᠤ ᠠᠮᠠᠷᠠᠯᠲᠠ ᠶᠢᠨ ᠬᠤᠭᠤᠴᠠᠭᠠᠨ ᠤ ᠵᠢᠭᠤᠯᠴᠢᠯᠠᠯ ᠤᠨ ᠣᠷᠣᠯᠭ᠎ᠠ 158.48 ᠳ᠋ᠦᠩᠰᠢᠭᠤᠷ ᠲᠥᠭᠦᠷᠢᠭ ᠲᠤ ᠬᠦᠷᠴᠡᠢ
ᠨᠡᠶᠢᠲᠡᠯᠡᠭᠰᠡᠨ ᠴᠠᠭ᠄
2023/10/11
     ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠮᠠᠨ ᠤ ᠣᠷᠣᠨ ᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠬᠥᠭᠵᠢᠶᠡᠨᠲᠡᠢ ᠪᠣᠯᠵᠤ᠂ ᠪᠦᠭᠦ ᠣᠷᠣᠨ ᠤ ᠡᠯ᠎ᠡ ᠭᠠᠵᠠᠷ ᠲᠤ ᠡᠯᠪᠡᠭ ᠪᠠᠶᠠᠯᠢᠭ  ᠠᠭᠤᠯᠭ᠎ᠠ ᠪᠦᠬᠦᠢ ᠰᠣᠶᠣᠯ ᠵᠢᠭᠤᠯᠴᠢᠯᠠᠯ ᠤᠨ ᠠᠵᠢᠯᠯᠠᠭ᠎ᠠ ᠥᠷᠨᠢᠭᠦᠯᠪᠡ᠃ ᠡᠨᠡ ᠨᠢ ᠵᠢᠭᠤᠯᠴᠢᠯᠠᠬᠰᠠᠳ ᠤᠨ ᠵᠢᠭᠤᠯᠴᠢᠯᠠᠨ ᠨᠠᠭᠠᠳᠬᠤ ᠪᠡᠶᠡᠴᠢ ᠣᠶᠢᠯᠠᠭᠠᠯᠲᠠ ᠶᠢ ᠪᠠᠶᠠᠯᠢᠭᠵᠢᠭᠤᠯᠵᠤ᠂ ᠳᠦᠷᠪᠡᠨ ᠵᠦᠭ ᠨᠠᠢᠮᠠᠨ ᠵᠣᠪᠬᠢᠰ ᠤᠨ ᠵᠣᠴᠢᠳ ᠥᠪᠥᠷ ᠮᠣᠩᠭᠤᠯ ᠳᠤ ᠪᠠᠶᠠᠷ ᠭᠦᠷ ᠲᠠᠢ ᠪᠠᠷ ᠠᠮᠠᠷᠠᠯᠲᠠ ᠶᠢᠨ ᠬᠤᠭᠤᠴᠠᠭ᠎ᠠ ᠪᠠᠨ ᠥᠩᠭᠡᠷᠡᠭᠦᠯᠪᠡ᠃      ᠤᠯᠤᠰ ᠤᠨ ᠳᠣᠲᠣᠭᠠᠳᠤ ᠶᠢᠨ ᠵᠢᠭᠤᠯᠴᠢᠯᠠᠬᠰᠠᠳ ᠤᠨ ᠲᠤᠬᠠᠢ ᠬᠢᠭᠰᠡᠨ ᠰᠤᠭᠤᠴᠢᠨ ᠪᠠᠶᠢᠴᠠᠭᠠᠯᠲᠠ ᠪᠠ ᠴᠢᠮᠡᠭᠡ ᠬᠤᠯᠪᠣᠭᠠᠨ ᠤ ᠡᠵᠡᠩᠨᠡᠯᠲᠡ ᠶᠢᠨ ᠬᠤᠳᠠᠯᠳᠤᠭᠠᠨ ᠤ ᠲᠤᠭ᠎ᠠ ᠪᠠᠷᠢᠮᠲᠠ ᠶᠢ ᠦᠨᠳᠦᠰᠦᠯᠡᠨ ᠵᠢᠱᠢᠵᠦ ᠪᠤᠳᠤᠬᠰᠠᠨ ᠢᠶᠠᠷ᠂ 2023 ᠣᠨ ᠤ ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠨ ᠠᠮᠠᠷᠠᠯᠲᠠ ᠶᠢᠨ 8 ᠡᠳᠦᠷ ᠲᠤ᠂ ᠮᠠᠨ ᠤ ᠣᠷᠣᠨ ᠤᠯᠤᠰ ᠤᠨ ᠳᠣᠲᠣᠭᠠᠳᠤ ᠶᠢᠨ ᠵᠢᠭᠤᠯᠴᠢᠯᠠᠬᠰᠠᠳ ᠢ ᠨᠡᠶᠢᠲᠡ 2306.01 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠡᠨᠡ ᠨᠢ ᠨᠢᠳᠤᠨᠤᠨ ᠤ ᠠᠳᠠᠯᠢ ᠬᠤᠭᠤᠴᠠᠭᠠᠨ ᠤ 6.06 ᠳᠠᠭᠢᠨ ᠪᠣᠯᠵᠤ᠂ 2019 ᠣᠨ ᠤ ᠠᠳᠠᠯᠢ ᠬᠤᠭᠤᠴᠠᠭᠠᠨ ᠤ 1.35 ᠳᠠᠭᠢᠨ ᠪᠣᠯᠵᠠᠢ᠃ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠣᠷᠣᠯᠭ᠎ᠠ 158.48 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ 7.23 ᠳᠠᠭᠢᠨ ᠪᠣᠯᠵᠤ᠂ 2019 ᠣᠨ ᠤ 1.18 ᠳᠠᠭᠢᠨ ᠪᠣᠯᠪᠠ᠃        
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号