8400 ᠲᠦᠮᠡᠨ ᠲᠥᠭᠦᠷᠢᠭ ᠢᠶᠠᠷ ᠬᠦᠴᠢᠷᠳᠡᠯᠲᠡᠢ ᠠᠵᠢᠯᠲᠠᠨ ᠠᠵᠢᠯᠴᠢᠨ ᠢ ᠬᠠᠪᠰᠤᠷᠤᠨ ᠲᠡᠳᠬᠦᠨ᠎ᠡ
ᠨᠡᠶᠢᠲᠡᠯᠡᠭᠰᠡᠨ ᠴᠠᠭ᠄
2023/10/11
     ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠲᠦᠷᠦᠭᠦᠬᠡᠨ 8400 ᠭᠠᠷᠤᠢ ᠲᠦᠮᠡᠨ ᠲᠥᠭᠦᠷᠢᠭ ᠴᠤᠭᠯᠠᠭᠤᠯᠤᠨ ᠪᠠᠭᠤᠯᠭᠠᠵᠤ᠂ ᠠᠵᠢᠯᠲᠠᠨ ᠠᠵᠢᠯᠴᠢᠨ ᠤ ᠬᠦᠴᠢᠷᠳᠡᠯ ᠢ ᠬᠠᠪᠰᠤᠷᠤᠨ ᠲᠡᠳᠬᠦᠬᠦ ᠲᠥᠷᠥᠯ ᠵᠦᠢᠯ ᠪᠣᠯᠣᠨ ᠪᠠᠶᠢᠩᠭᠤ ᠶᠢᠨ ᠴᠢᠨᠠᠷᠲᠠᠢ ᠬᠠᠶᠢᠷ᠎ᠠ ᠬᠠᠯᠠᠮᠵᠢ ᠬᠦᠷᠭᠡᠬᠦ ᠠᠵᠢᠯ ᠢ ᠥᠷᠨᠢᠭᠦᠯᠬᠦ ᠳᠤ ᠬᠡᠷᠡᠭᠯᠡᠨ᠎ᠡ᠃      ᠲᠣᠰ ᠤᠳᠠᠭ᠎ᠠ ᠶᠢᠨ ᠪᠠᠭᠤᠯᠭᠠᠭᠰᠠᠨ ᠪᠡᠯᠡ ᠮᠥᠩᠭᠦ ᠨᠢ ᠮᠠᠨ ᠤ ᠣᠷᠣᠨ ᠳᠠᠬᠢ ᠲᠥᠪ ᠤᠨ ᠡᠳ᠋ ᠤᠨ ᠵᠠᠰᠠᠭ ᠤᠨ ᠠᠵᠢᠯᠲᠠᠨ ᠠᠵᠢᠯᠴᠢᠨ ᠤ ᠬᠦᠴᠢᠷᠳᠡᠯ ᠢ ᠬᠠᠪᠰᠤᠷᠤᠨ ᠲᠡᠳᠬᠦᠬᠦ ᠲᠦᠷᠦᠯ ᠵᠦᠢᠯ ᠤᠨ 71 ᠲᠥᠷᠥᠯ ᠵᠦᠢᠯ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠢᠯᠲᠠᠨ ᠠᠵᠢᠯᠴᠢᠨ ᠤ ᠬᠦᠴᠢᠷᠳᠡᠯ ᠢ ᠬᠠᠪᠰᠤᠷᠤᠨ ᠲᠡᠳᠬᠦᠬᠦ ᠲᠦᠷᠦᠯ ᠵᠦᠢᠯ ᠤᠨ 12 ᠲᠥᠷᠥᠯ ᠵᠢᠴᠢ ᠡᠯ᠎ᠡ ᠲᠥᠷᠥᠯ ᠤᠨ ᠬᠠᠯᠠᠮᠵᠢᠯᠠᠯ ᠬᠦᠷᠭᠡᠬᠦ ᠲᠤᠰᠬᠠᠢ ᠵᠦᠢᠯ ᠤᠨ ᠲᠣᠬᠤᠨᠢᠭᠤᠯᠬᠤ ᠠᠵᠢᠯᠯᠠᠭ᠎ᠠ ᠶᠢ ᠬᠠᠮᠤᠷᠴᠠᠢ᠃ ᠳᠠᠩᠰᠠ ᠡᠪᠬᠡᠮᠡᠯ ᠳᠤ ᠪᠠᠶᠢᠭ᠎ᠠ ᠬᠦᠴᠢᠷᠳᠡᠯᠲᠡᠢ ᠠᠵᠢᠯᠲᠠᠨ ᠠᠵᠢᠯᠴᠢᠨ ᠤ ᠭᠡᠷ ᠪᠦᠯᠢ ᠶᠢᠨ ᠠᠮᠢᠳᠤᠷᠠᠯ ᠤᠨ ᠠᠪᠤᠷᠠᠨ ᠲᠤᠰᠠᠯᠠᠯᠲᠠ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ᠂ ᠦᠷ᠎ᠡ ᠬᠡᠦᠬᠡᠳ ᠤᠨ ᠬᠢᠨᠢ ᠰᠤᠷᠤᠯᠭ᠎ᠠ ᠶᠢᠨ ᠲᠡᠳᠬᠦᠮᠵᠢ᠂ ᠬᠦᠴᠢᠷᠳᠡᠯᠲᠡᠢ ᠠᠵᠢᠯᠲᠠᠨ ᠠᠵᠢᠯᠴᠢᠨ ᠤ ᠭᠡᠷ ᠪᠦᠯᠢ ᠶᠢᠨ ᠠᠮᠢᠳᠤᠷᠠᠯ ᠤᠨ ᠴᠢᠬᠤᠯᠠ ᠬᠡᠷᠡᠭᠯᠡᠭᠡᠨ ᠤ ᠪᠣᠳᠠᠰ ᠤᠨ ᠬᠠᠩᠭᠠᠯᠭ᠎ᠠ᠂ ᠦᠷ᠎ᠡ ᠬᠡᠦᠬᠡᠳ ᠤᠨ ᠬᠢᠨᠢ ᠠᠵᠢᠯᠴᠢ ᠠᠷᠪᠢᠴᠢ ᠪᠠᠷ ᠰᠤᠷᠤᠯᠴᠠᠬᠤ᠂ ᠣᠨᠴᠠᠭᠠᠶ ᠠᠵᠢᠯᠲᠠᠨ ᠠᠵᠢᠯᠴᠢᠳ ᠤᠨ ᠬᠠᠶᠢᠷ᠎ᠠ ᠬᠠᠯᠠᠮᠵᠢ᠂ ᠡᠷᠡᠭᠦᠯ ᠮᠡᠨᠳᠦ ᠶᠢᠨ ᠦᠢᠯᠡᠴᠢᠯᠡᠭᠡ᠂ ᠰᠢᠨ᠎ᠡ ᠭᠡᠯᠪᠡᠷᠢ ᠶᠢᠨ ᠠᠵᠢᠯ ᠣᠯᠣᠭᠰᠠᠳ ᠲᠤ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠭᠦ᠂ ᠠᠵᠢᠯᠲᠠᠨ ᠠᠵᠢᠯᠴᠢᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠭᠦ ᠲᠤᠷᠰᠢᠯᠲᠠ ᠶᠢᠨ ᠨᠢᠭᠡᠴᠢ ᠶᠢᠨ ᠬᠥᠲᠥᠯᠥᠨ ᠵᠢᠯᠤᠭᠤᠳᠬᠤ ᠦᠢᠯᠡᠴᠢᠯᠡᠭᠡ᠂ ᠣᠨᠴᠠ ᠲᠣᠭᠲᠠᠭᠰᠠᠨ ᠭᠠᠵᠠᠷ ᠣᠷᠣᠨ ᠵᠢᠴᠢ ᠣᠨᠴᠠ ᠲᠣᠭᠲᠠᠭᠰᠠᠨ ᠬᠠᠮᠲᠤ ᠨᠡᠶᠢᠲᠡ ᠶᠢᠨ ᠳᠡᠮᠵᠢᠯᠭᠡ᠂ ᠬᠦᠴᠢᠷᠳᠡᠯᠲᠡᠢ ᠣᠷᠴᠢᠨ ᠲᠣᠭᠤᠷᠢᠨ ᠤ ᠴᠡᠪᠡᠷᠯᠡᠭᠴᠢ ᠠᠵᠢᠯᠲᠠᠨ ᠠᠵᠢᠯᠴᠢᠨ ᠳᠤ ᠬᠠᠶᠢᠷ᠎ᠠ ᠬᠠᠯᠠᠮᠵᠢ ᠬᠦᠷᠲᠡᠭᠡᠬᠦ᠂ ᠲᠠᠭᠢᠨ ᠬᠦᠴᠢᠷᠳᠡᠯᠲᠡᠢ ᠪᠤᠯᠬᠤ ᠶᠢ ᠰᠡᠷᠭᠡᠶᠢᠯᠡᠬᠦ ᠪᠠ ᠭᠠᠮᠰᠢᠭ ᠠᠴᠠ ᠪᠣᠯᠵᠤ ᠬᠦᠴᠢᠷᠳᠡᠯᠲᠡᠢ ᠪᠤᠯᠬᠤ ᠶᠢ ᠰᠡᠷᠭᠡᠶᠢᠯᠡᠬᠦ ᠵᠡᠷᠭᠡ ᠦᠢᠯᠡᠴᠢᠯᠡᠭᠡᠨ ᠤ ᠠᠭᠤᠯᠭ᠎ᠠ ᠳᠤ ᠬᠤᠯᠪᠣᠭᠳᠠᠵᠤ᠂ ᠡᠭᠦᠨ ᠤ ᠬᠠᠮᠲᠤ ᠡᠯ᠎ᠡ ᠱᠠᠲᠤᠨ ᠤ ᠠᠵᠢᠯᠴᠢᠨ ᠤ ᠡᠪᠯᠡᠯ ᠢ ᠬᠥᠲᠥᠯᠥᠨ ᠵᠢᠯᠤᠭᠤᠳᠴᠤ ᠪᠠᠶᠢᠭᠠᠳ ᠪᠠᠶᠢᠩᠭᠤ ᠶᠢᠨ ᠴᠢᠨᠠᠷᠲᠠᠢ ᠬᠠᠶᠢᠷ᠎ᠠ ᠬᠠᠯᠠᠮᠵᠢ ᠬᠦᠷᠭᠡᠬᠦ᠂ ᠬᠦᠴᠢᠷᠳᠡᠯᠲᠡᠢ ᠠᠵᠢᠯᠲᠠᠨ ᠠᠵᠢᠯᠴᠢᠨ ᠤ ᠭᠡᠷ ᠪᠦᠯᠢ ᠶᠢᠨ ᠠᠮᠢᠳᠤᠷᠠᠯ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠪᠠ ᠲᠠᠭᠢᠨ ᠬᠦᠴᠢᠷᠳᠡᠯᠲᠡᠢ ᠪᠤᠯᠬᠤ ᠶᠢ ᠰᠡᠷᠭᠡᠶᠢᠯᠡᠬᠦ ᠲᠥᠪᠯᠡᠷᠡᠩᠭᠦᠢ ᠠᠵᠢᠯᠯᠠᠭ᠎ᠠ᠂ ᠠᠵᠢᠯᠴᠢᠨ ᠤ ᠡᠪᠯᠡᠯ ᠤᠨ ᠭᠡᠷ ᠤᠨ ᠭᠠᠳᠠᠨᠠᠬᠢ ᠬᠥᠳᠡᠯᠮᠦᠷᠢᠴᠢᠳ ᠲᠤ ᠦᠢᠯᠡᠴᠢᠯᠡᠬᠦ ᠦᠷᠳᠡᠭᠡ ᠶᠢᠨ ᠪᠠᠶᠢᠩᠭᠤ ᠶᠢᠨ ᠴᠢᠨᠠᠷᠲᠠᠢ ᠦᠢᠯᠡᠴᠢᠯᠡᠭᠡ᠂ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠲᠤ ᠬᠥᠯᠥᠰᠦᠨ ᠲᠠᠷᠢᠶᠠᠴᠢᠳ ᠢ ᠲᠣᠬᠤᠨᠢᠭᠤᠯᠬᠤ ᠵᠡᠷᠭᠡ ᠲᠤᠰᠬᠠᠢ ᠵᠦᠢᠯ ᠤᠨ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠶᠢ ᠥᠷᠨᠢᠭᠦᠯᠦᠨ᠎ᠡ᠃      ᠡᠯ᠎ᠡ ᠲᠦᠷᠦᠯ ᠤᠨ ᠪᠡᠯᠡ ᠮᠥᠩᠭᠦ ᠶᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠬᠦᠴᠢᠷᠳᠡᠯᠲᠡᠢ ᠠᠵᠢᠯᠲᠠᠨ ᠠᠵᠢᠯᠴᠢᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠣᠨᠣᠪᠴᠢᠲᠠᠢ ᠡᠵᠡᠮᠰᠢᠬᠦ ᠶᠢᠨ ᠲᠥᠯᠥᠭᠡ᠂ 9 ᠰᠠᠷ᠎ᠠ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠡᠯ᠎ᠡ ᠱᠠᠲᠤᠨ ᠤ ᠠᠵᠢᠯᠴᠢᠨ ᠤ ᠡᠪᠯᠡᠯ ᠢ ᠵᠣᠬᠢᠶᠠᠨ ᠪᠠᠶᠢᠭᠤᠯᠵᠤ᠂ ᠬᠦᠴᠢᠷᠳᠡᠯᠲᠡᠢ ᠠᠵᠢᠯᠲᠠᠨ ᠠᠵᠢᠯᠴᠢᠨ ᠤ ᠭᠡᠷ ᠪᠦᠯᠢ ᠶᠢᠨ ᠠᠮᠢᠳᠤᠷᠠᠯ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠪᠠ ᠬᠦᠴᠢᠷᠳᠡᠯ ᠳᠤ ᠲᠤᠯᠭᠠᠷᠠᠬᠤ ᠶᠢ ᠤᠷᠢᠳᠴᠢᠯᠠᠨ ᠰᠡᠷᠭᠡᠶᠢᠯᠡᠬᠦ ᠲᠥᠪᠯᠡᠷᠡᠩᠭᠦᠢ ᠠᠵᠢᠯᠯᠠᠭ᠎ᠠ ᠶᠢᠨ ᠡᠷᠦᠭᠡ ᠳᠤ ᠬᠦᠷᠴᠦ ᠰᠤᠷᠪᠤᠯᠵᠢᠯᠠᠬᠤ ᠠᠵᠢᠯ ᠢ ᠢᠳᠡᠪᠬᠢᠲᠡᠢ ᠥᠷᠨᠢᠭᠦᠯᠵᠡᠢ᠃      ᠰᠤᠷᠪᠤᠯᠵᠢᠯᠠᠬᠤ ᠪᠠ ᠲᠣᠬᠤᠨᠢᠭᠤᠯᠬᠤ ᠶᠠᠪᠤᠴᠠ ᠳᠤ᠂ ᠡᠷᠦᠭᠡ ᠳᠤ ᠣᠷᠣᠬᠤ ᠠᠵᠢᠯ ᠤᠨ ᠳᠤᠭᠤᠶᠢᠯᠠᠩ ᠳᠠᠩᠰᠠ ᠡᠪᠬᠡᠮᠡᠯ ᠳᠤ ᠪᠠᠶᠢᠭ᠎ᠠ ᠬᠦᠴᠢᠷᠳᠡᠯᠲᠡᠢ ᠠᠵᠢᠯᠲᠠᠨ ᠠᠵᠢᠯᠴᠢᠨ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠠᠵᠢᠯᠲᠠᠨ ᠠᠵᠢᠯᠴᠢᠨ ᠤ ᠭᠡᠷ ᠲᠤ ᠭᠦᠨᠵᠡᠭᠡᠶᠢᠷᠡᠵᠦ᠂ ᠡᠭᠦᠨ ᠤ ᠬᠠᠮᠲᠤ ᠰᠢᠨ᠎ᠡ ᠭᠡᠯᠪᠡᠷᠢ ᠶᠢᠨ ᠠᠵᠢᠯ ᠣᠯᠭᠤᠯᠲᠠ ᠶᠢᠨ ᠠᠵᠤ ᠠᠬᠤᠶᠢᠯᠠᠯ᠂ ᠳᠤᠮᠳᠠ ᠪᠠᠭ᠎ᠠ ᠵᠢᠵᠢᠭ ᠠᠵᠤ ᠠᠬᠤᠶᠢᠯᠠᠯ᠂ ᠣᠨᠴᠠ ᠬᠦᠴᠢᠷᠳᠡᠯᠲᠡᠢ ᠠᠵᠢᠯ ᠲᠥᠷᠥᠯ ᠤᠨ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠨ ᠠᠵᠢᠯᠲᠠᠨ ᠠᠵᠢᠯᠴᠢᠨ ᠢ ᠭᠤᠣᠯᠳᠠᠯᠭ᠎ᠠ ᠲᠠᠢ ᠠᠩᠬᠠᠷᠴᠤ᠂ ᠬᠦᠴᠢᠷᠳᠡᠯᠲᠡᠢ ᠠᠵᠢᠯᠲᠠᠨ ᠠᠵᠢᠯᠴᠢᠨ ᠵᠢᠴᠢ ᠲᠡᠳᠡᠨ ᠤ ᠭᠡᠷ ᠪᠦᠯᠢ ᠶᠢᠨ ᠪᠦᠷᠢᠯᠳᠦᠭᠦᠨ ᠤ ᠠᠵᠢᠯ ᠤᠨ ᠣᠳᠣᠬᠢ ᠪᠠᠶᠢᠳᠠᠯ᠂ ᠣᠷᠣᠨ ᠰᠠᠭᠤᠴᠠ ᠶᠢᠨ ᠪᠠᠶᠢᠳᠠᠯ᠂ ᠡᠷᠡᠭᠦᠯ ᠮᠡᠨᠳᠦ ᠶᠢᠨ ᠪᠠᠶᠢᠳᠠᠯ᠂ ᠦᠷ᠎ᠡ ᠬᠡᠦᠬᠡᠳ ᠤᠨ ᠰᠤᠷᠭᠠᠭᠤᠯᠢ ᠳᠤ ᠰᠠᠭᠤᠵᠤ ᠪᠠᠶᠢᠭ᠎ᠠ ᠪᠠᠶᠢᠳᠠᠯ᠂ ᠮᠥᠨ ᠯᠡ ᠰᠢᠢᠳᠪᠦᠷᠢᠯᠡᠬᠦ ᠴᠢᠬᠤᠯᠠᠲᠠᠢ ᠪᠣᠳᠠᠲᠠᠢ ᠠᠰᠠᠭᠤᠳᠠᠯ ᠵᠡᠷᠭᠡ ᠶᠢ ᠨᠠᠷᠢᠨ ᠨᠢᠮᠪᠠᠢ ᠠᠰᠠᠭᠤᠨ ᠯᠠᠪᠯᠠᠵᠤ᠂ ᠲᠡᠳᠡᠨ ᠤ ᠭᠡᠷ ᠪᠦᠯᠢ ᠶᠢᠨ ᠠᠮᠢᠳᠤᠷᠠᠯ ᠤᠨ ᠣᠳᠣᠬᠢ ᠪᠠᠶᠢᠳᠠᠯ ᠢ ᠪᠦᠭᠦ ᠲᠠᠯ᠎ᠠ ᠪᠠᠷ ᠣᠨᠣᠪᠴᠢᠲᠠᠶ ᠡᠵᠡᠮᠰᠢᠨ᠂ ᠦᠨᠳᠦᠰᠦᠨ ᠪᠠᠶᠢᠳᠠᠯ ᠢ ᠲᠣᠳᠣᠷᠬᠠᠶᠢᠯᠠᠵᠤ᠂ ᠬᠦᠴᠢᠷᠳᠡᠯ ᠢ ᠪᠤᠶ ᠪᠤᠯᠭᠠᠬᠰᠠᠨ ᠰᠢᠯᠲᠠᠭᠠᠨ ᠢ ᠲᠣᠳᠣᠷᠬᠠᠶᠢᠯᠠᠵᠤ᠂ ᠬᠠᠪᠰᠤᠷᠤᠨ ᠲᠡᠳᠬᠦᠬᠦ ᠬᠡᠷᠡᠭᠴᠡᠭᠡ ᠶᠢ ᠲᠣᠳᠣᠷᠬᠠᠶᠢᠯᠠᠵᠠᠢ᠃ ᠨᠥᠬᠦᠴᠡᠯ ᠳᠤ ᠨᠡᠶᠢᠴᠡᠬᠦ ᠬᠦᠴᠢᠷᠳᠡᠯᠲᠡᠢ ᠠᠵᠢᠯᠲᠠᠨ ᠠᠵᠢᠯᠴᠢᠨ ᠤ ᠭᠡᠷ ᠪᠦᠯᠢ ᠶᠢ ᠴᠠᠭ ᠲᠤᠬᠠᠢ  ᠳᠤᠨᠢ ᠲᠠᠩᠰᠠ ᠡᠪᠬᠡᠮᠡᠯ ᠪᠠᠶᠢᠭᠤᠯᠤᠨ ᠬᠠᠪᠰᠤᠷᠤᠨ ᠲᠡᠳᠬᠦᠵᠦ᠂ ᠲᠠᠩᠰᠠ ᠡᠪᠬᠡᠮᠡᠯ ᠪᠠᠶᠢᠭᠤᠯᠬᠤ ᠨᠥᠬᠦᠴᠡᠯ ᠳᠤ ᠨᠡᠶᠢᠴᠡᠬᠦ ᠦᠭᠡᠢ ᠪᠤᠯᠪᠠᠴᠤ ᠠᠮᠢᠳᠤᠷᠠᠯ ᠨᠢ ᠦᠨᠡᠬᠡᠷ ᠬᠦᠴᠢᠷᠳᠡᠯᠲᠡᠢ ᠪᠣᠯ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠲᠠᠩᠰᠠ ᠡᠪᠬᠡᠮᠡᠯ ᠪᠠᠶᠢᠭᠤᠯᠬᠤ ᠶᠢ ᠦᠷᠭᠦᠯᠵᠢᠯᠡᠨ ᠠᠩᠬᠠᠷᠴᠤ᠂ ᠬᠦᠴᠢᠷᠳᠡᠯᠲᠡᠢ ᠠᠵᠢᠯᠲᠠᠨ ᠠᠵᠢᠯᠴᠢᠨ ᠤ ᠬᠦᠴᠢᠷᠳᠡᠯ ᠠᠴᠠ ᠪᠣᠯᠵᠤ ᠶᠠᠳᠠᠭᠤᠷᠠᠬᠤ ᠶᠢ ᠦᠨᠡᠨᠬᠦ ᠰᠡᠷᠭᠡᠶᠢᠯᠡᠵᠦ ᠪᠤᠢ᠃      ᠣᠳᠣᠬᠠᠨ ᠪᠤᠯᠲᠠᠯ᠎ᠠ᠂ ᠪᠦᠭᠦ ᠣᠷᠣᠨ ᠤ ᠡᠯ᠎ᠡ ᠱᠠᠲᠤᠨ ᠤ ᠠᠵᠢᠯᠴᠢᠨ ᠤ ᠡᠪᠯᠡᠯ ᠨᠢᠭᠡᠨᠲᠡ 2789 ᠡᠷᠦᠭᠡ ᠲᠠᠩᠰᠠ ᠡᠪᠬᠡᠮᠡᠯ ᠳᠤ ᠪᠠᠶᠢᠭ᠎ᠠ ᠬᠦᠴᠢᠷᠳᠡᠯᠲᠡᠢ ᠠᠵᠢᠯᠲᠠᠨ ᠠᠵᠢᠯᠴᠢᠨ ᠪᠠ 1202 ᠡᠷᠦᠭᠡ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠬᠡᠪᠴᠢᠶᠡᠨ ᠳᠠᠬᠢ ᠬᠦᠴᠢᠷᠳᠡᠯᠲᠡᠢ ᠠᠵᠢᠯᠲᠠᠨ ᠠᠵᠢᠯᠴᠢᠨ ᠤ ᠡᠷᠦᠭᠡ ᠳᠤ ᠬᠦᠷᠴᠦ ᠰᠤᠷᠪᠤᠯᠵᠢᠯᠠᠨ ᠲᠣᠬᠤᠨᠢᠭᠤᠯᠵᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号