ᠮᠠᠨ ᠤ ᠣᠷᠣᠨ ᠬᠥᠳᠡᠭᠡ ᠠᠵᠤ ᠠᠬᠤᠢ ᠶᠢᠨ ᠬᠦᠷᠢᠶᠡᠨ ᠤ 70 ᠳ᠋ᠦᠩᠰᠢᠭᠤᠷ ᠲᠥᠭᠦᠷᠢᠭ ᠤᠨ ᠲᠥᠪ ᠤᠨ ᠲᠥᠰᠥᠪ ᠤᠨ ᠪᠡᠯᠡ ᠮᠥᠩᠭᠦ ᠶᠢ ᠭᠤᠶᠤᠴᠢᠯᠠᠨ ᠣᠯᠵᠤ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2023/10/11
     ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ ᠣᠳᠣᠬᠠᠨ ᠪᠤᠯᠳᠠᠯ᠎ᠠ ᠮᠠᠨ ᠤ ᠣᠷᠣᠨ ᠮᠠᠯ ᠠᠵᠤ ᠠᠬᠤᠢ ᠲᠠᠷᠢᠶᠠᠯᠠᠩ ᠤᠢ ᠰᠢᠭᠤᠢ ᠤᠰᠤᠨ ᠠᠰᠢᠭᠯᠠᠯᠲᠠ ᠵᠡᠷᠭᠡ ᠬᠥᠳᠡᠭᠡ ᠠᠵᠤ ᠠᠬᠤᠢ ᠶᠢᠨ ᠬᠦᠷᠢᠶᠡᠨ ᠤ ᠲᠥᠪ ᠤᠨ ᠲᠥᠰᠥᠪ ᠤᠨ ᠪᠡᠯᠡ ᠮᠥᠩᠭᠦ ᠶᠢ ᠤᠷᠢᠳ ᠬᠤᠵᠢᠳ ᠨᠡᠶᠢᠳᠡ 70 ᠳ᠋ᠦᠩᠰᠢᠭᠤᠷ ᠲᠥᠭᠦᠷᠢᠭ ᠭᠤᠶᠤᠴᠢᠯᠠᠨ ᠣᠯᠣᠭᠰᠠᠨ ᠪᠥᠭᠡᠳ ᠨᠠᠶᠢᠳᠠᠪᠤᠷᠢᠵᠢᠭᠤᠯᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 15 ᠳ᠋ᠦᠩᠰᠢᠭᠤᠷ ᠲᠥᠭᠦᠷᠢᠭ ᠨᠡᠮᠡᠭᠳᠡᠵᠡᠢ᠃      ᠣᠶᠢᠯᠠᠭᠠᠭᠰᠠᠨ ᠢᠶᠠᠷ᠂ ᠡᠳᠡᠭᠡᠷ ᠪᠡᠯᠡ ᠮᠥᠩᠭᠦ ᠠᠴᠠ 24.52 ᠳ᠋ᠦᠩᠰᠢᠭᠤᠷ ᠲᠥᠭᠦᠷᠢᠭ ᠨᠢ ᠮᠠᠯ ᠠᠵᠤ ᠠᠬᠤᠢ ᠲᠠᠷᠢᠶᠠᠯᠠᠩ ᠤᠨ ᠬᠦᠷᠢᠶᠡᠨ ᠤ ᠪᠡᠯᠡ ᠮᠥᠩᠭᠦ ᠪᠠᠶᠢᠵᠤ᠂ ᠵᠡᠭᠦᠨ ᠬᠤᠶᠢᠲᠤ ᠶᠢᠨ 70 ᠲᠦᠮᠡᠨ ᠮᠦ ᠶᠢᠨ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ᠂ 10 ᠲᠦᠮᠡᠨ ᠮᠦ ᠶᠢᠨ ᠰᠢᠷ᠎ᠠ ᠪᠤᠷᠴᠠᠭ ᠤᠨ ᠦᠢᠯᠡᠳᠪᠦᠷᠢᠯᠡᠯ ᠤᠨ ᠰᠠᠭᠤᠷᠢᠨ ᠢ ᠰᠢᠨ᠎ᠡ ᠪᠠᠷ ᠪᠠᠶᠢᠭᠤᠯᠬᠤ᠂ 30 ᠲᠦᠮᠡᠨ ᠮᠦ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠥᠭᠡᠷᠡᠴᠢᠯᠡᠨ ᠪᠠᠶᠢᠭᠤᠯᠵᠤ ᠳᠡᠰ ᠳᠡᠪᠰᠢᠭᠦᠯᠬᠦ ᠵᠢᠴᠢ ᠤᠳᠤ ᠦᠶ᠎ᠡ ᠶᠢᠨ ᠦᠷ᠎ᠡ ᠶᠢᠨ ᠦᠢᠯᠡᠰ ᠢ ᠬᠥᠭᠵᠢᠭᠦᠯᠬᠦ᠂ ᠬᠥᠳᠡᠭᠡ ᠲᠤᠰᠬᠤᠨ ᠤ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠴᠡᠭᠴᠡᠯᠡᠨ ᠰᠠᠶᠢᠵᠢᠷᠠᠭᠤᠯᠬᠤ᠂ ᠬᠥᠳᠡᠭᠡ ᠲᠤᠰᠬᠤᠨ ᠤ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠭᠦ ᠬᠦᠷᠢᠶᠡᠯᠡᠩ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠳᠤ ᠬᠡᠷᠡᠭᠯᠡᠪᠡ᠃ 24.73 ᠳ᠋ᠦᠩᠰᠢᠭᠤᠷ ᠲᠥᠭᠦᠷᠢᠭ  ᠨᠢ ᠠᠮᠢ ᠠᠬᠤᠢ ᠶᠢᠨ ᠬᠦᠷᠢᠶᠡᠨ ᠤ ᠪᠡᠯᠡ ᠮᠥᠩᠭᠦ ᠪᠠᠶᠢᠵᠤ᠂ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ  ᠶᠢ ᠬᠠᠮᠠᠭᠠᠯᠠᠬᠤ ᠪᠠ ᠰᠡᠷᠭᠦᠭᠡᠬᠦ᠂ ᠠᠮᠢ ᠠᠬᠤᠢ ᠶᠢ ᠬᠠᠮᠠᠭᠠᠯᠠᠬᠤ ᠲᠤᠯᠭᠠᠭᠤᠷᠢ ᠰᠢᠰᠲ᠋ᠧᠮ ᠤᠨ ᠲᠤᠰᠬᠠᠢ ᠲᠦᠷᠦᠯ ᠵᠦᠢᠯ ᠢᠶᠠᠷ ᠳᠠᠮᠵᠢᠨ ᠬᠥᠪᠴᠢ - ᠮᠤᠤᠡᠤᠰᠤ ᠶᠢᠨ ᠡᠯᠡᠰᠦ ᠮᠠᠩᠬ᠎ᠠ ᠡᠯᠡᠰᠦᠷᠬᠡᠭᠵᠢᠭᠰᠡᠨ ᠭᠠᠵᠠᠷ ᠢ ᠶᠡᠷᠦᠩᠬᠡᠶᠢᠯᠡᠨ ᠵᠠᠰᠠᠬᠤ᠂ ᠵᠡᠭᠦᠨ ᠪᠡᠶ᠎ᠡ ᠶᠢᠨ ᠲᠠᠯ᠎ᠠ ᠨᠤᠲᠤᠭ ᠤᠨ ᠡᠯᠡᠰᠦᠷᠬᠡᠭᠵᠢᠭᠰᠡᠨ ᠭᠠᠵᠠᠷ ᠢ ᠶᠡᠷᠦᠩᠬᠡᠶᠢᠯᠡᠨ ᠵᠠᠰᠠᠬᠤ᠂ ᠪᠠᠷᠠᠭᠤᠨ ᠪᠡᠶ᠎ᠡ ᠶᠢᠨ ᠴᠦᠯᠯᠡᠷᠭᠡᠭᠵᠢᠭᠰᠡᠨ ᠭᠠᠵᠠᠷ ᠢ ᠶᠡᠷᠦᠩᠬᠡᠶᠢᠯᠡᠨ ᠵᠠᠰᠠᠬᠤ᠂ ᠡᠷᠭᠦᠨ᠎ᠡ ᠭᠤᠣᠯ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠲᠦᠷᠦᠯ ᠵᠦᠢᠯ ᠢ ᠳᠡᠮᠵᠢᠬᠦ ᠳᠤ ᠭᠡᠷᠡᠭᠯᠡᠪᠠ︔  ᠤᠢ ᠰᠢᠭᠤᠢ ᠶᠢᠨ ᠲᠦᠢᠮᠡᠷ  ᠢ ᠰᠡᠷᠭᠡᠶᠢᠯᠡᠨ ᠲᠦᠢᠮᠡᠷ ᠢ ᠤᠨᠲᠠᠷᠠᠭᠠᠬᠤ ᠶᠡᠷᠦᠩᠬᠡᠶᠢᠯᠡᠭᠰᠡᠨ ᠵᠠᠰᠠᠯᠲᠠ᠂ ᠤᠯᠤᠰ ᠤᠨ ᠥᠮᠴᠢᠯᠡᠯᠲᠦ ᠤᠢ ᠰᠢᠭᠤᠢ ︵ᠤᠢ ᠰᠢᠭᠤᠢ ᠶᠢᠨ ᠲᠠᠯᠠᠪᠤᠷ︶ ᠶᠢᠨ ᠬᠠᠮᠢᠶᠠᠷᠤᠯᠲᠠ ᠬᠠᠮᠠᠭᠠᠯᠠᠯᠲᠠ ᠳᠤ ᠬᠡᠷᠡᠭᠯᠡᠬᠦ ᠭᠡᠷ ᠪᠠᠶᠢᠰᠢᠩ᠂ ᠤᠯᠤᠰ ᠤᠨ ᠳᠡᠰ  ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ  ᠶᠢ ᠳᠡᠮᠵᠢᠬᠦ ᠳᠤ ᠬᠡᠷᠡᠭᠯᠡᠪᠡ᠃ 20.76 ᠳ᠋ᠦᠩᠰᠢᠭᠤᠷ ᠲᠥᠭᠦᠷᠢᠭ ᠨᠢ ᠤᠰᠤᠨ ᠠᠰᠢᠭᠯᠠᠯᠲᠠ ᠶᠢᠨ ᠬᠦᠷᠢᠶᠡᠨ ᠤ ᠪᠡᠯᠡ ᠮᠥᠩᠭᠦ ᠪᠠᠶᠢᠵᠤ᠂ ᠴᠤᠤᠯ ᠭᠤᠣᠯ ᠤᠨ ᠤᠰᠤ ᠶᠢ ᠯᠢᠶᠤᠤ ᠾᠧ ᠭᠤᠣᠯ ᠳᠤ ᠲᠠᠲᠠᠬᠤ᠂ ᠵᠡᠭᠦᠨ ᠲᠠᠶᠢᠵᠠ ᠶᠢᠨ ᠤᠰᠤᠨ ᠴᠦᠭᠦᠷᠦᠮ ᠵᠡᠷᠭᠡ ᠭᠤᠣᠯᠳᠠᠯᠭ᠎ᠠ ᠲᠠᠢ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠦᠲᠦᠮᠵᠢᠳᠠᠢ ᠠᠬᠢᠭᠤᠯᠵᠤ᠂ ᠨᠦᠯᠦᠮᠡᠯ ᠭᠠᠵᠠᠷ ᠤᠨ ᠬᠠᠰᠢᠯᠭ᠎ᠠ᠂ ᠵᠣ ᠶᠢᠨ ᠲᠠᠷᠢᠶ᠎ᠠ ᠶᠢᠨ ᠤᠰᠤ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠦᠷᠭᠦᠯᠵᠢᠯᠡᠨ ᠪᠦᠲᠦᠭᠡᠨ ᠪᠠᠶᠢᠭᠤᠯᠵᠤ ᠢᠵᠢ ᠪᠦᠷᠢᠳᠦᠭᠦᠯᠬᠦ ᠬᠢᠭᠡᠳ ᠣᠳᠣᠬᠢᠴᠢᠯᠠᠭᠰᠠᠨ ᠥᠭᠡᠷᠡᠴᠢᠯᠡᠯᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠬᠡᠷᠡᠭᠯᠡᠭᠰᠡᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号