ᠶᠠᠩ ᠰᠢᠩ ᠱᠧᠩ ᠬᠥᠬᠡ ᠡᠷᠭᠢ ᠪᠠᠯᠭᠠᠰᠤᠨ ᠤ ᠭᠤᠣᠯ ᠰᠡᠳᠦᠪᠲᠦ ᠰᠤᠷᠭᠠᠨ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/10/12
     10 ᠰᠠᠷ᠎ᠠ ᠶᠢᠨ 9 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠬᠥᠬᠡ ᠡᠷᠭᠢ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠭᠤᠣᠯ ᠰᠡᠳᠦᠪᠲᠦ ᠬᠥᠮᠦᠵᠢᠯ ᠤᠨ ᠠᠵᠢᠯ ᠢ ᠵᠢᠭᠠᠨ ᠵᠢᠯᠣᠭᠤᠳᠪᠠ᠃      ᠬᠥᠬᠡ ᠡᠷᠭᠢ ᠪᠠᠯᠭᠠᠰᠤᠨ ᠤ ᠳ᠋ᠠ ᠱᠦᠢ ᠭᠧ ᠳ᠋ᠦᠩ ᠲᠣᠰᠬᠤᠨ ᠳᠤ᠂ ᠶᠠᠩ ᠰᠢᠩ ᠱᠧᠩ ᠲᠣᠰᠬᠤᠨ ᠤ ︽ᠬᠤᠶᠠᠷ ᠵᠥᠪᠯᠡᠯ︾ ᠤᠨ ᠤᠳᠤᠷᠢᠳᠬᠤ ᠪᠠᠭ ᠤᠨ ᠪᠦᠷᠢᠯᠳᠦᠭᠦᠨ᠂ ᠨᠠᠮ ᠤᠨ ᠭᠡᠰᠢᠭᠦᠨ ᠤ ᠡᠩᠨᠡᠭᠡᠨ ᠤ ᠪᠠᠶᠢᠭᠤᠯᠤᠯᠲᠠ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ᠂ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠡᠷᠡᠴᠢᠯᠡᠨ ᠳ᠋ᠠ ᠱᠦᠢ ᠭᠧ ᠳ᠋ᠦᠩ ᠲᠣᠰᠬᠤᠨ ᠤ ᠨᠠᠮ ᠤᠨ ᠡᠭᠦᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠂ ᠲᠡᠷᠡ ᠵᠢᠭᠠᠵᠤ ᠭᠠᠷᠭᠠᠭᠰᠠᠨ ᠨᠢ᠂ ᠲᠤᠰ ᠤᠳᠠᠭᠠᠨ ᠤ ᠭᠤᠣᠯ ᠰᠡᠳᠦᠪᠲᠦ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠲᠣᠰᠬᠤᠨ ᠤ ︽ᠬᠤᠶᠠᠷ ᠵᠥᠪᠯᠡᠯ︾ ᠤᠨ ᠺᠠᠳ᠋ᠷ ᠤᠨ ᠡᠩᠨᠡᠭᠡᠨ ᠤ ᠬᠡᠪ ᠴᠢᠨᠠᠷ ᠪᠠ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠨᠡᠨᠬᠦ ᠣᠯᠠᠨ ᠲᠦᠮᠡᠨ ᠤ ᠪᠣᠳᠠᠲᠤ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠤᠯᠠᠨ ᠲᠦᠮᠡᠨ ᠲᠠᠢ ᠨᠢᠭᠲᠠ ᠬᠠᠷᠢᠯᠴᠠᠵᠤ᠂ ᠡᠯ᠎ᠡ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠰᠣᠨᠣᠰᠴᠤ᠂ ᠠᠷᠠᠳ ᠤᠨ ᠤᠶᠤᠨ ᠤᠬᠠᠭᠠᠨ ᠢ ᠨᠢᠭᠲᠠᠷᠠᠭᠤᠯᠵᠤ᠂ ᠬᠥᠮᠥᠰ ᠤᠨ ᠰᠡᠳᠬᠢᠯ ᠢ ᠨᠢᠭᠲᠠᠷᠠᠭᠤᠯᠵᠤ᠂ ᠪᠦᠬᠦ ᠲᠣᠰᠬᠤᠨ ᠤ ᠠᠵᠤ ᠠᠬᠤᠢ ᠶᠢᠨ ᠬᠥᠭᠵᠢᠯᠲᠡ ᠶᠢᠨ ᠪᠣᠭᠤᠮᠢ ᠪᠠ ᠤᠯᠠᠨ ᠲᠦᠮᠡᠨ ᠤ ᠬᠦᠰᠡᠯ ᠡᠷᠡᠮᠡᠯᠵᠡᠯ ᠢ ᠬᠢᠵᠠᠭᠠᠷᠯᠠᠵᠤ ᠪᠠᠶᠢᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠬᠦᠴᠦᠨ ᠢᠶᠠᠷ ᠢᠶᠠᠨ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠷᠠᠳ ᠤᠯᠠᠨ ᠳᠤ ᠭᠤᠣᠯ ᠰᠡᠳᠦᠪᠲᠦ ᠬᠥᠮᠦᠵᠢᠯ ᠢᠶᠠᠷ ᠳᠠᠮᠵᠢᠨ ᠦᠨᠡᠨ ᠪᠣᠳᠠᠲᠠᠢ ᠬᠤᠪᠢᠷᠠᠯᠲᠠ ᠶᠢ ᠦᠨᠡᠨᠬᠦ ᠮᠡᠳᠡᠷᠡᠭᠦᠯᠵᠦ᠂ ᠡᠭᠦᠨ ᠤ ᠤᠯᠠᠮ ᠢᠶᠠᠷ ᠥᠷᠭᠡᠨ ᠤᠯᠠᠨ ᠲᠦᠮᠡᠨ ᠢ ᠬᠥᠮᠥᠵᠢᠭᠦᠯᠦᠨ ᠳᠠᠭᠠᠭᠤᠯᠵᠤ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠪᠣᠯᠭᠠᠬᠤ ᠬᠡᠷᠡᠭᠲᠡᠢ᠃      ᠳᠠᠷᠠᠭ᠎ᠠ ᠨᠢ᠂ ᠶᠠᠩ ᠰᠢᠩ ᠱᠧᠩ ᠨᠠᠷ ᠬᠥᠬᠡ ᠡᠷᠭᠢ ᠪᠠᠯᠭᠠᠰᠤᠨ ᠤ ᠵᠠᠰᠠᠭ ᠤᠨ ᠣᠷᠳᠣᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠭᠤᠣᠯ ᠰᠡᠳᠦᠪᠲᠦ ᠰᠤᠷᠭᠠᠨ ᠬᠥᠮᠦᠵᠢᠯ ᠤᠨ ᠠᠵᠢᠯ ᠢ ᠵᠢᠯᠤᠭᠤᠳᠴᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠥᠬᠡ ᠡᠷᠭᠢ ᠪᠠᠯᠭᠠᠰᠤᠨ ᠤ ᠭᠤᠣᠯ ᠤᠳᠤᠷᠢᠳᠤᠯᠭ᠎ᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠪᠠ᠂ ᠲᠡᠷᠡ ᠴᠢᠬᠤᠯᠠᠴᠢᠯᠠᠭᠰᠠᠨ ᠨᠢ᠂ ᠤᠨᠤᠯ ᠤᠨ ᠰᠤᠷᠤᠯᠴᠠᠯᠭ᠎ᠠ ᠶᠢ ᠴᠢᠩᠭᠠᠳᠬᠠᠵᠤ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠭᠤᠣᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠠᠵᠢᠯ ᠢ ᠪᠡᠶ᠎ᠡ ᠪᠠᠷ ᠢᠶᠠᠨ ᠲᠣᠬᠢᠷᠠᠭᠤᠯᠤᠨ ᠰᠤᠳᠤᠯᠵᠤ ᠪᠠᠶᠢᠷᠢᠯᠠᠭᠤᠯᠬᠤ ᠬᠡᠷᠡᠭᠲᠡᠢ᠃ ᠮᠠᠨ ᠤ ᠰᠢᠶᠠᠨ ᠤ ᠲᠣᠭᠲᠠᠭᠠᠭᠰᠠᠨ ︽ᠠᠵᠢᠯ ᠤᠨ ᠲᠥᠰᠥᠯ︾ ᠤᠨ ᠶᠣᠰᠣᠭᠠᠷ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ ᠵᠡᠷᠭᠡ ᠶᠢ ᠭᠦᠢᠴᠡᠳ ᠠᠰᠢᠭᠯᠠᠨ᠂ ᠤᠯᠠᠨ ᠶᠠᠩᠵᠤ ᠶᠢᠨ ᠬᠡᠯᠪᠡᠷᠢ ᠲᠠᠢ᠂ ᠪᠠᠶᠠᠯᠢᠭ ᠠᠭᠤᠯᠭ᠎ᠠ ᠲᠠᠢ ᠰᠤᠷᠤᠯᠴᠠᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠤᠯᠴᠠᠬᠤ ᠶᠠᠪᠤᠴᠠ ᠶᠢ ᠡᠳᠦᠷ ᠲᠤᠳᠤᠮ ᠤᠨ ᠠᠵᠢᠯ ᠠᠮᠢᠳᠤᠷᠠᠯ ᠲᠠᠢ ᠤᠯᠠᠮ ᠨᠢᠭᠡ ᠠᠯᠬᠤᠮ ᠭᠦᠢᠴᠡᠳ ᠤᠶᠠᠯᠳᠤᠭᠤᠯᠵᠤ᠂ ᠬᠤᠶᠠᠷ ᠲᠠᠯ᠎ᠠ ᠶᠢ ᠠᠳᠬᠤᠬᠤ᠂ ᠬᠤᠶᠠᠷ ᠢ ᠠᠬᠢᠭᠤᠯᠬᠤ ᠶᠢ ᠪᠡᠶᠡᠯᠡᠭᠦᠯᠬᠦ ᠶᠢᠨ ᠬᠠᠮᠲᠤ᠂ ᠤᠳᠤᠷᠢᠳᠬᠤ ᠪᠠᠭ ᠤᠨ ᠪᠦᠷᠢᠯᠳᠦᠭᠦᠨ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠲᠦᠷᠦᠭᠦᠯᠡᠨ ᠣᠷᠣᠯᠴᠠᠵᠤ᠂ ᠮᠡᠳᠡᠪᠡᠰᠦ ᠵᠣᠬᠢᠬᠤ ᠶᠢ ᠨᠢ ᠪᠦᠬᠦᠨ ᠢ ᠮᠡᠳᠡᠬᠦ᠂ ᠴᠢᠳᠠᠪᠠᠰᠤ ᠵᠣᠬᠢᠬᠤ ᠶᠢ ᠨᠢ ᠪᠦᠬᠦᠨ ᠢ ᠴᠢᠳᠠᠬᠤ ᠲᠠᠯ᠎ᠠ ᠪᠠᠷ ᠡᠮᠦᠨ᠎ᠡ  ᠨᠢ ᠶᠠᠪᠤᠵᠤ᠂ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠠᠵᠢᠯ ᠬᠢᠵᠦ ᠦᠢᠯᠡᠰ ᠪᠣᠰᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠰᠠᠭᠤᠳᠠᠯ ᠢ ᠣᠨᠣᠪᠴᠢᠲᠠᠢ ᠡᠷᠢᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠬᠤ︾ ᠪᠠᠷ ᠬᠠᠷᠠᠯᠲᠠ ᠪᠣᠯᠭᠠᠵᠤ᠂ ᠡᠭᠦᠷᠭᠡ ᠲᠤᠰᠢᠶᠠᠯ ᠬᠠᠷᠢᠭᠤᠴᠠᠯᠭ᠎ᠠ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠨᠡᠨᠬᠦ ᠬᠦᠰᠡᠯᠡᠩ ᠢ ᠪᠠᠲᠤᠳᠬᠠᠬᠤ᠂ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠬᠤ ᠪᠠ ᠦᠢᠯᠡᠳᠦᠯᠭᠡ ᠶᠢ ᠵᠢᠯᠤᠭᠤᠳᠬᠤ᠂ ᠠᠵᠢᠯ ᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠵᠤ᠂ ᠪᠦᠬᠦ ᠰᠢᠶᠠᠨ ᠤ ᠭᠤᠣᠯ ᠰᠡᠳᠦᠪᠲᠦ ᠬᠥᠮᠦᠵᠢᠯ ᠢ ᠥᠨᠳᠥᠷ ᠪᠠᠷᠢᠮᠵᠢᠶ᠎ᠠ ᠥᠨᠳᠥᠷ ᠶᠠᠰᠤ ᠴᠢᠨᠠᠷᠲᠠᠢ ᠪᠠᠷ ᠠᠬᠢᠭᠤᠯᠬᠤ ᠶᠢ ᠪᠠᠲᠤᠯᠠᠬᠤ ᠬᠡᠷᠡᠭᠲᠡᠢ᠃ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠢᠮᠠᠭᠲᠠ ᠲᠤᠭᠤᠰᠢᠯᠠᠭᠤᠯᠬᠤ ᠶᠢ ᠪᠠᠷᠢᠮᠲᠠᠯᠠᠵᠤ᠂ ᠠᠰᠠᠭᠤᠳᠠᠯ ᠳᠤ ᠴᠢᠭᠯᠡᠭᠦᠯᠦᠨ᠂ ᠠᠰᠠᠭᠤᠳᠠᠯ ᠢ ᠰᠢᠢᠳᠪᠦᠷᠢᠯᠡᠵᠦ᠂ ᠳᠤᠲᠠᠭᠤᠳᠠᠯ ᠪᠠᠭᠤᠷᠠᠢ ᠵᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠢ ᠪᠠᠶᠢᠴᠠᠭᠠᠨ ᠦᠵᠡᠵᠦ᠂ ᠴᠡᠭᠴᠡᠯᠡᠨ ᠰᠠᠶᠢᠵᠢᠷᠠᠭᠤᠯᠤᠭᠰᠠᠨ ᠪᠣᠳᠠᠲᠤ ᠦᠷ᠎ᠡ ᠪᠦᠲᠦᠮᠵᠢ ᠪᠠᠷ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ᠃ ᠡᠭᠦᠨ ᠤ ᠬᠠᠮᠲᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠰᠡᠷᠭᠡᠶᠢᠯᠡᠵᠦ᠂ ᠠᠯᠢᠪᠠ ᠪᠦᠬᠦᠨ ᠳᠤ ᠪᠣᠳᠠᠲᠠᠢ ᠠᠴᠠ ᠡᠭᠦᠰᠬᠦ ᠶᠢ ᠪᠠᠷᠢᠮᠲᠠᠯᠠᠵᠤ᠂ ᠪᠣᠳᠠᠲᠤ ᠦᠷ᠎ᠡ ᠪᠦᠲᠦᠮᠵᠢ ᠤᠯᠬᠤ ᠪᠠᠷ ᠴᠢᠷᠮᠠᠶᠢᠨ ᠠᠵᠢᠯᠯᠠᠵᠤ᠂ ᠦᠩᠭᠡᠨ ᠲᠠᠯ᠎ᠠ ᠶᠢᠨ ᠠᠵᠢᠯ ᠬᠢᠬᠦ ᠦᠭᠡᠢ ᠪᠠᠶᠢᠵᠤ᠂ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠤ ᠦᠷ᠎ᠡ ᠪᠦᠲᠦᠭᠡᠯ ᠢᠶᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠬᠤ ᠬᠡᠷᠡᠭᠲᠡᠢ᠃      ᠶᠠᠩ ᠰᠢᠩ ᠱᠧᠩ ᠱᠠᠭᠠᠷᠳᠠᠭᠰᠠᠨ ᠨᠢ᠂ ᠬᠥᠬᠡ ᠡᠷᠭᠢ ᠪᠠᠯᠭᠠᠰᠤᠨ ᠤ ᠬᠢᠨ ᠭᠤᠣᠯ ᠰᠡᠳᠦᠪᠲᠦ ᠬᠥᠮᠦᠵᠢᠯ ᠥᠷᠨᠢᠭᠦᠯᠬᠦ ᠶᠢ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠣᠳᠣᠬᠠᠨ ᠤ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠬᠤ᠂ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠵᠡᠷᠭᠡ ᠭᠤᠣᠯᠳᠠᠯᠭ᠎ᠠ ᠲᠠᠢ ᠠᠵᠢᠯ ᠲᠠᠢ ᠠᠭᠤᠰᠤᠯᠴᠠᠵᠤ᠂ ᠳᠤᠲᠠᠭᠤᠳᠠᠯ ᠪᠠᠭᠤᠷᠠᠢ ᠵᠦᠢᠯ ᠢ ᠰᠢᠢᠳᠪᠦᠷᠢᠯᠡᠵᠦ᠂ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠥᠨᠳᠥᠷ ᠵᠣᠭᠰᠣᠴᠠ ᠠᠴᠠ ᠪᠠᠶᠢᠷᠢᠯᠠᠭᠤᠯᠵᠤ᠂ ᠥᠨᠳᠥᠷ ᠪᠠᠷᠢᠮᠵᠢᠶ᠎ᠠ ᠪᠠᠷ ᠵᠣᠬᠢᠶᠠᠨ ᠪᠠᠶᠢᠭᠤᠯᠵᠤ᠂ ᠴᠢᠨᠠᠷ ᠰᠠᠶᠢᠲᠠᠢ ᠠᠬᠢᠭᠤᠯᠵᠤ᠂ ᠭᠤᠣᠯ ᠰᠡᠳᠦᠪᠲᠦ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃      ᠰᠢᠶᠠᠨ ᠤ ᠤᠳᠤᠷᠢᠳᠤᠯᠭ᠎ᠠ ᠶᠠᠨ ᠰᠢᠶᠠᠨ ᠦ᠋᠂ ᠵᠤᠤ ᠸᠧᠢ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号