ᠶᠠᠩ ᠰᠢᠩ ᠱᠧᠩ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/10/12
     10 ᠰᠠᠷ᠎ᠠ ᠶᠢᠨ 10 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠦᠴᠦᠸᠠᠨ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠭᠤᠣᠯ ᠰᠡᠳᠦᠪᠲᠦ ᠬᠥᠮᠦᠵᠢᠯ ᠤᠨ ᠠᠵᠢᠯ ᠢ ᠵᠢᠯᠤᠭᠤᠳᠴᠤ᠂ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠰᠤᠷᠤᠯᠴᠠᠨ ᠲᠤᠭᠤᠰᠢᠯᠠᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠨᠠᠷᠢᠨ ᠰᠣᠨᠣᠰᠪᠠ᠂ ᠲᠡᠷᠡ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠶᠢ ᠡᠷᠡᠰ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠦᠨᠳᠦᠰᠦᠨ ᠡᠭᠦᠷᠭᠡ ᠪᠣᠯᠣᠨ ᠭᠤᠣᠯ ᠰᠡᠳᠦᠪ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠤᠯ ᠰᠤᠷᠤᠯᠴᠠᠬᠤ᠂ ᠠᠵᠢᠯ ᠬᠢᠵᠦ ᠦᠢᠯᠡᠰ ᠪᠣᠰᠬᠠᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠳᠡᠭᠡᠷ᠎ᠡ ᠬᠦᠴᠦ ᠲᠠᠯᠪᠢᠵᠤ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃      ᠶᠠᠩ ᠰᠢᠩ ᠱᠧᠩ ᠱᠠᠭᠠᠷᠳᠠᠭᠰᠠᠨ ᠨᠢ᠂ ᠤᠨᠤᠯ ᠤᠨ ᠰᠤᠷᠤᠯᠴᠠᠯᠭ᠎ᠠ ᠶᠢ ᠪᠣᠳᠠᠲᠠᠢ ᠠᠳᠬᠤᠵᠤ᠂ ᠶᠡᠷᠦᠩᠬᠡᠢ ᠱᠦᠵᠢ ᠰᠢ ᠶᠢᠨ ᠫᠢᠩ ᠤᠨ ᠭᠤᠣᠯ ᠰᠡᠳᠦᠪᠲᠦ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ᠂ ᠨᠠᠮ ᠤᠨ ᠳᠦᠷᠢᠮ᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠰᠬᠠᠢ ᠰᠡᠳᠦᠪ ᠤᠨ ᠲᠡᠭᠦᠪᠦᠷᠢ︾ ᠵᠡᠷᠭᠡ ᠵᠢᠭᠠᠨ ᠲᠣᠭᠲᠠᠭᠠᠭᠰᠠᠨ ᠨᠣᠮ ᠤᠨ ᠰᠤᠷᠤᠯᠴᠠᠯᠭ᠎ᠠ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠦᠨᠡᠨᠬᠦ ᠰᠤᠷᠤᠯᠴᠠᠬᠤ᠂ ᠦᠨᠡᠨᠬᠦ ᠣᠶᠢᠯᠠᠭᠠᠬᠤ᠂ ᠦᠨᠡᠨᠬᠦ ᠢᠲᠡᠭᠡᠬᠦ᠂ ᠦᠨᠡᠨᠬᠦ ᠬᠡᠷᠡᠭᠯᠡᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠠᠵᠢᠯ ᠬᠢᠵᠦ ᠦᠢᠯᠡᠰ ᠪᠣᠰᠬᠠᠬᠤ ᠶᠢ ᠠᠬᠢᠭᠤᠯᠵᠤ᠂ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠭᠤᠣᠯ ᠰᠡᠳᠦᠪᠲᠦ ᠬᠥᠮᠦᠵᠢᠯ ᠢᠶᠠᠷ ᠳᠠᠮᠵᠢᠭᠤᠯᠤᠨ ᠪᠠᠶᠢᠭᠤᠯᠤᠯᠭ᠎ᠠ ᠶᠢᠨ ᠨᠠᠮ ᠤᠨ ᠭᠡᠰᠢᠭᠦᠨ᠂ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠬᠦᠴᠦᠯᠡᠨ ᠴᠢᠷᠮᠠᠶᠢᠵᠤ ᠦᠢᠯᠡᠰ ᠪᠣᠰᠬᠠᠬᠤ ᠤᠶᠤᠨ ᠰᠠᠨᠠᠭᠠᠨ ᠤ ᠪᠠᠶᠢᠳᠠᠯ ᠪᠣᠯᠣᠨ ︽ᠬᠡᠵᠢᠶ᠎ᠡ ᠴᠦ ᠰᠠᠨᠠᠭ᠎ᠠ ᠠᠮᠤᠷ ᠪᠠᠶᠢᠬᠤ ᠦᠭᠡᠢ︾ ᠬᠠᠷᠢᠭᠤᠴᠠᠯᠭᠠᠲᠤ ᠤᠬᠠᠮᠰᠠᠷ ᠢᠶᠠᠷ ᠨᠠᠮ ᠪᠣᠯᠣᠨ ᠠᠷᠠᠳ ᠲᠦᠮᠡᠨ ᠤ ᠲᠥᠯᠥᠭᠡ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠪᠣᠯᠭᠠᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠶᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠭᠤᠣᠯ ᠰᠡᠳᠦᠪᠲᠦ ᠬᠥᠮᠦᠵᠢᠯ ᠤᠨ ᠡᠬᠢᠨ ᠠᠴᠠ ᠳᠠᠭᠤᠰᠲᠠᠯ᠎ᠠ ᠲᠤᠭᠤᠰᠢᠯᠠᠭᠤᠯᠵᠤ᠂ ᠰᠤᠷᠤᠯᠴᠠᠬᠤ ᠶᠢᠨ ᠳᠠᠭᠠᠤ ᠬᠠᠷᠢᠴᠠᠭᠤᠯᠬᠤ᠂ ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠬᠦᠷᠢᠶᠡᠨ ᠤ ᠲᠣᠪᠣᠶᠢᠮ᠎ᠠ ᠠᠰᠠᠭᠤᠳᠠᠯ ᠢ ᠴᠢᠩᠭ᠎ᠠ ᠠᠩᠬᠠᠷᠴᠤ᠂ ᠲᠥᠪ ᠴᠢᠩᠭ᠎ᠠ ᠨᠠᠷᠢᠨ ᠬᠢᠨᠠᠮᠠᠭᠠᠢ ᠪᠠᠷ ᠦᠨᠡᠨ ᠢ ᠪᠠᠷᠢᠮᠲᠠᠯᠠᠨ ᠬᠠᠲᠠᠭᠤ ᠶᠢ ᠬᠦᠨᠳᠡᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠵᠤ᠂ ᠪᠣᠳᠠᠲᠤ ᠦᠷ᠎ᠡ ᠪᠦᠲᠦᠮᠵᠢ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠰᠢᠯᠭᠠᠨ ᠪᠠᠶᠢᠴᠠᠭᠠᠬᠤ ᠬᠡᠷᠡᠭᠲᠡᠢ᠃      ᠶᠠᠩ ᠰᠢᠩ ᠱᠧᠩ ᠴᠢᠬᠤᠯᠠᠴᠢᠯᠠᠭᠰᠠᠨ ᠨᠢ᠂ ᠲᠤᠰ ᠤᠳᠠᠭᠠᠨ ᠤ ᠭᠤᠣᠯ ᠰᠡᠳᠦᠪᠲᠦ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠠᠯᠢᠪᠠ ᠪᠦᠬᠦᠨ ᠳᠤ ᠪᠣᠳᠠᠲᠠᠢ ᠠᠴᠠ ᠡᠭᠦᠰᠬᠦ ᠶᠢ ᠪᠠᠷᠢᠮᠲᠠᠯᠠᠵᠤ᠂ ᠠᠵᠢᠯᠯᠠᠬᠤ ᠶᠢ ᠲᠡᠷᠢᠭᠦᠨ ᠳᠤ ᠲᠠᠯᠪᠢᠵᠤ᠂ ᠭᠤᠣᠯ ᠰᠡᠳᠦᠪᠲᠦ ᠬᠥᠮᠦᠵᠢᠯ ᠢ ᠣᠳᠣᠬᠠᠨ ᠤ ᠰᠠᠯᠠᠭ᠎ᠠ ᠮᠥᠴᠢᠷ ᠤᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠲᠠᠢ ᠨᠢᠭᠲᠠ ᠤᠶᠠᠯᠳᠤᠭᠤᠯᠵᠤ᠂ ᠦᠢᠯᠡᠴᠢᠯᠡᠭᠡᠨ ᠤ ᠰᠢᠶᠠᠨ ᠤ ᠬᠡᠪᠴᠢᠶᠡᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠶᠠᠰᠤ ᠴᠢᠨᠠᠷ ᠦᠷ᠎ᠡ ᠠᠰᠢᠭ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ᠂ ᠰᠢᠶᠠᠨ ᠤ ᠬᠡᠪᠴᠢᠶᠡᠨ ᠤ ᠡᠯ᠎ᠡ ᠵᠦᠢᠯ ᠤᠨ ᠲᠥᠯᠦᠪᠵᠢᠭᠦᠯᠭᠡ ᠵᠡᠷᠭᠡ ᠲᠠᠯ᠎ᠠ ᠶᠢᠨ ᠠᠵᠢᠯ ᠢ ᠳᠡᠭᠡᠭᠰᠢᠯᠡᠭᠦᠯᠬᠦ ᠶᠢᠨ ᠲᠣᠭᠤᠷᠢᠨ ᠳᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠤᠨ᠂ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠭᠤᠣᠯ ᠰᠡᠳᠦᠪᠲᠦ ᠬᠥᠮᠦᠵᠢᠯ ᠤᠨ ᠬᠠᠨᠳᠤᠯᠭᠠᠲᠤ ᠴᠢᠨᠠᠷ᠂ ᠪᠣᠳᠠᠲᠤ ᠦᠷ᠎ᠡ ᠪᠦᠲᠦᠮᠵᠢᠲᠦ ᠴᠢᠨᠠᠷ ᠢ ᠦᠨᠡᠨᠬᠦ ᠪᠠᠲᠤᠯᠠᠵᠤ᠂ ᠭᠤᠣᠯ ᠰᠡᠳᠦᠪᠲᠦ ᠬᠥᠮᠦᠵᠢᠯ ᠪᠠ ᠭᠤᠣᠯ ᠠᠵᠢᠯ ᠤᠨ ︽ᠬᠤᠶᠠᠷ ᠲᠠᠯ᠎ᠠ ᠶᠢ ᠠᠳᠬᠤᠵᠤ᠂ ᠬᠤᠶᠠᠷ ᠢ ᠠᠬᠢᠭᠤᠯᠬᠤ︾ ᠶᠢ ᠪᠡᠶᠡᠯᠡᠭᠦᠯᠦᠨ᠎ᠡ᠃      ᠰᠢᠶᠠᠨ ᠤ ᠤᠳᠤᠷᠢᠳᠤᠯᠭ᠎ᠠ ᠶᠠᠩ ᠶᠦᠩ ᠭᠠᠩ᠂ ᡁᠢ ᠵᠢᠶᠠᠨ ᠭᠠᠩ᠂ ᠵᠤᠤ ᠸᠧᠢ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号