ᠮᠠᠨ ᠤ ᠣᠷᠣᠨ ᠤ ᠰᠢᠤᠳᠠᠨ ᠤ ᠲᠦᠷᠭᠡᠨ ᠬᠦᠷᠭᠡᠯᠲᠡ ᠶᠢᠨ ᠦᠢᠯᠡᠰ ᠤᠨ ᠠᠵᠢᠯᠲᠠᠨ 4.5 ᠲᠦᠮᠡ ᠳᠤ ᠭᠦᠷᠪᠡ
ᠨᠡᠶᠢᠲᠡᠯᠡᠭᠰᠡᠨ ᠴᠠᠭ᠄
2023/10/12
     ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠪᠦᠷᠢᠳᠬᠡᠯ ᠢ ᠦᠨᠳᠦᠰᠦᠯᠡᠪᠡᠯ᠂ ᠣᠲᠣ ᠪᠤᠯᠲᠠᠯ᠎ᠠ ᠮᠠᠨ ᠤ ᠣᠷᠣᠨ ᠤ ᠰᠢᠤᠳᠠᠨ ᠤ ᠲᠦᠷᠭᠡᠨ ᠬᠦᠷᠭᠡᠯᠲᠡ ᠶᠢᠨ ᠦᠢᠯᠡᠰ ᠲᠤ ᠰᠢᠭᠤᠳ ᠤᠷᠤᠯᠴᠠᠵᠦ ᠪᠠᠶᠢᠭ᠎ᠠ ᠠᠵᠢᠯᠲᠠᠨ 4.5 ᠲᠦᠮᠡ ᠳᠤ ᠬᠦᠷᠴᠦ᠂ ᠵᠢᠱᠢᠯᠲᠡ ᠪᠠᠷ 2023 ᠣᠨ ᠳᠤ 29 ᠳ᠋ᠦᠩᠰᠢᠭᠤᠷ ᠬᠥᠮᠥᠨ ᠤᠳᠠᠭ᠎ᠠ ᠳᠤ ᠦᠢᠯᠡᠴᠢᠯᠡᠭᠡ ᠬᠢᠬᠦ ᠪᠣᠯᠣᠨ᠎ᠠ᠃ ᠪᠦᠭᠦ ᠣᠷᠣᠨ ᠳᠤ ᠲᠦᠷᠭᠡᠨ ᠬᠦᠷᠭᠡᠯᠲᠡ ᠶᠢᠨ ᠵᠥᠪᠰᠢᠶᠡᠷᠡᠯ ᠤᠨ ᠠᠵᠤ ᠠᠬᠤᠶᠢᠯᠠᠯ ᠨᠡᠶᠢᠲᠡ 406᠂ ᠰᠠᠯᠪᠤᠷᠢ ᠪᠠᠶᠢᠭᠤᠯᠤᠮᠵᠢ1686᠂ ᠳᠠᠩᠰᠠᠯᠠᠭᠤᠯᠤᠭᠰᠠᠨ ᠬᠦᠷᠭᠡᠯᠲᠡ ᠶᠢᠨ ᠴᠡᠭ 10222 ᠪᠠᠶᠢᠨ᠎ᠠ᠃ ᠣᠳᠣᠬᠠᠨ ᠳᠤ᠂ ᠵᠠᠬ᠎ᠠ ᠬᠢᠵᠠᠭᠠᠷ ᠤᠨ 131 ᠠᠶᠢᠯ ᠲᠣᠰᠬᠤᠨ ᠳᠤ ᠰᠢᠤᠳᠠᠨ ᠦᠢᠯᠡᠴᠢᠯᠡᠭᠡ ᠶᠢ ᠪᠦᠭᠦᠨ ᠢ ᠪᠦᠷᠬᠦᠭᠦᠯᠵᠦ᠂ ᠰᠢᠶᠠᠩ ᠪᠣᠯᠭᠠᠨ ᠳᠤ ᠰᠠᠯᠪᠤᠷᠢ ᠪᠠᠶᠢᠭᠤᠯᠵᠤ᠂ ᠲᠣᠰᠬᠤᠨ ᠪᠣᠯᠭᠠᠨ ᠳᠤ ᠰᠢᠤᠳᠠᠨ ᠬᠤᠯᠪᠤᠭ᠎ᠠ ᠨᠡᠪᠲᠡᠷᠡᠭᠦᠯᠦᠭᠰᠡᠨ ᠪᠠᠶᠢᠨ᠎ᠠ᠃      ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠨᠢ ︽ᠬᠤᠶᠠᠷ ᠰᠢᠰᠲ᠋ᠧᠮ ᠬᠤᠶᠠᠷ ᠢᠨᠵᠧᠨᠧᠷᠢᠩ︾ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠭᠤᠣᠯ ᠱᠤᠭᠤᠮ ᠪᠠ ︽ᠨᠢᠭᠡ ᠠᠷᠭ᠎ᠠ ᠭᠤᠷᠪᠠᠨ ᠰᠢᠰᠲ᠋ᠧᠮ︾ ᠤᠨ ᠥᠨᠳᠥᠷ ᠪᠦᠲᠦᠮᠵᠢᠲᠡᠶ ᠵᠠᠰᠠᠯᠲᠠ ᠶᠢᠨ ᠠᠵᠢᠯ ᠤᠨ ᠭᠤᠣᠯ ᠱᠤᠭᠤᠮ ᠢ ᠬᠡᠷᠡᠭᠵᠢᠭᠦᠯᠬᠦ ᠪᠠᠷ ᠳᠠᠮᠵᠢᠭᠤᠯᠤᠨ᠂ ᠰᠠᠭᠤᠷᠢ ᠲᠣᠣᠷ ᠰᠦᠯᠵᠢᠶ᠎ᠡ ᠶᠢ ᠲᠠᠰᠤᠷᠠᠯᠲᠠ ᠦᠭᠡᠢ ᠥᠷᠭᠡᠳᠬᠡᠨ᠂ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠵᠦ᠂ ᠪᠦᠭᠦ ᠣᠷᠣᠨ ᠤ ᠰᠢᠤᠳᠠᠨ ᠤ ᠲᠦᠷᠭᠡᠨ ᠬᠦᠷᠭᠡᠯᠲᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠭᠦ ᠬᠦᠴᠦᠨ ᠢᠶᠠᠷ ᠢᠶᠠᠨ ᠠᠬᠢᠭᠤᠯᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠣᠭᠰᠠᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠪᠦᠭᠦ ᠣᠷᠣᠨ ᠤ ᠰᠢᠤᠳᠠᠨ ᠤ ᠰᠢᠰᠲ᠋ᠧᠮ ᠤᠨ ᠬᠢᠨ ᠠᠵᠢᠯ ᠲᠥᠷᠥᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠲᠡᠭᠦᠯᠳᠡᠷᠵᠢᠭᠦᠯᠵᠦ᠂ ᠲᠥᠪᠯᠡᠷᠡᠭᠦᠯᠵᠦ ᠲᠠᠷᠬᠠᠭᠠᠵᠤ ᠲᠣᠬᠢᠷᠠᠭᠤᠯᠬᠤ ᠲᠥᠪ ᠢᠶᠠᠷ ᠭᠤᠣᠯ ᠪᠤᠯᠭᠠᠬᠰᠠᠨ ᠭᠤᠷᠪᠠᠨ ᠱᠠᠲᠤᠨ ᠤ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠦᠭᠦ ᠣᠷᠣᠨ ᠤ ᠬᠤᠰᠢᠭᠤ ᠰᠢᠶᠠᠨ ᠤ ᠲᠥᠪᠯᠡᠷᠡᠭᠦᠯᠵᠦ ᠲᠠᠷᠬᠠᠭᠠᠵᠤ ᠲᠣᠬᠢᠷᠠᠭᠤᠯᠬᠤ ᠲᠥᠪ ᠢ ᠪᠦᠭᠦᠨ ᠢ ᠬᠠᠮᠤᠷᠬᠤ ᠶᠢ ᠪᠡᠶᠡᠯᠡᠭᠦᠯᠦᠨ᠎ᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号