ᠰᠤᠷᠪᠤᠯᠵᠢᠯᠠᠬᠴᠢ ᠭᠦᠭᠡᠬᠤᠲᠠ ᠶᠢᠨ ᠲᠡᠮᠦᠷ ᠵᠠᠮ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ | ᠤᠨ ᠨᠠᠢᠮᠠᠨ ᠰᠠᠷ᠎ᠠ ᠶᠢᠨ ᠲᠡᠷᠭᠡᠯ ᠪᠠᠶᠠᠷ ᠪᠣᠯᠣᠨ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ | ᠭᠦᠭᠡᠬᠤᠲᠠ ᠶᠢᠨ ᠲᠡᠮᠦᠷ ᠵᠠᠮ ᠤᠨ ᠲᠣᠪᠴᠢᠶ᠎ᠠ ᠨᠡᠶᠢᠲᠡ 132 ᠲᠦᠮᠡᠨ ᠠᠶᠠᠨᠴᠢᠨ ᠵᠥᠭᠡᠭᠡᠪᠦᠷᠢᠯᠡᠵᠦ᠂ ᠡᠳᠦᠷ | ᠳᠤᠮᠳᠠᠴᠢ ᠪᠠᠷ 16.5 ᠲᠦᠮᠡᠨ ᠠᠶᠠᠨᠴᠢᠨ ᠵᠥᠭᠡᠭᠡᠪᠦᠷᠢᠯᠡᠨ 2019 ᠣᠨ ᠤ ᠠᠳᠠᠯᠢ ᠬᠤᠭᠤᠴᠠᠭᠠᠨ ᠤ ᠬᠢ ᠠᠴᠠ | 18.7% ᠪᠠᠷ ᠨᠡᠮᠡᠭᠳᠡᠪᠡ᠃ | K7911/2 ᠡᠭᠡᠯᠵᠢ ᠶᠢᠨ ᠭᠠᠯᠲᠤ ᠲᠡᠷᠭᠡ ᠪᠣᠯ ᠭᠦᠭᠡᠬᠤᠲᠠ ᠪᠣᠯᠣᠨ ᠡᠵᠡᠨ᠎ᠡ ᠶᠢᠨ ᠬᠤᠭᠤᠷᠣᠨᠳᠣᠭᠢ | ᠴᠤᠷ ᠤᠨ ᠭᠠᠭᠴᠠ ᠠᠶᠠᠨᠴᠢᠳ ᠤᠨ ᠭᠠᠯᠲᠤ ᠲᠡᠷᠭᠡ ᠪᠠᠶᠢᠵᠤ᠂ ︽ᠬᠤᠣᠰ ᠪᠠᠶᠠᠷ︾ ᠤᠨ ᠠᠮᠠᠷᠠᠯᠲᠠ ᠳᠤ ᠨᠡᠶᠢᠳᠡ 1. | 6 ᠲᠦᠮᠡ ᠭᠠᠷᠤᠢ ᠠᠶᠠᠨᠴᠢᠨ ᠵᠥᠭᠡᠭᠡᠪᠦᠷᠢᠯᠡᠵᠡᠢ᠃ ︽ᠬᠤᠣᠰ ᠪᠠᠶᠠᠷ︾ ᠤᠨ ᠠᠮᠠᠷᠠᠯᠲᠠ ᠪᠣᠯ ᠡᠵᠡᠨ᠎ᠡ ᠶᠢᠨ ᠲᠣᠣᠷᠠᠢ | ᠶᠢᠨ ᠣᠶ ᠶᠢᠨ ᠬᠠᠮᠤᠭ ᠤᠨ ᠭᠤᠶᠣ ᠤᠯᠠᠷᠢᠯ ᠪᠠᠶᠢᠵᠤ᠂ ᠭᠦᠭᠡᠬᠤᠲᠠ ᠶᠢᠨ ᠲᠡᠮᠦᠷ ᠵᠠᠮ ᠤᠨ ᠲᠣᠪᠴᠢᠶ᠎ᠠ ᠠᠶᠠᠨᠴᠢᠳ | ᠤᠨ ᠭᠠᠯᠲᠤ ᠲᠡᠷᠭᠡ ᠶᠢ ᠨᠡᠮᠡᠨ ᠲᠣᠬᠢᠷᠠᠭᠤᠯᠵᠤ᠂ ᠬᠥᠮᠥᠰ ᠤᠨ ᠲᠣᠣᠷᠠᠢ ᠶᠢᠨ ᠮᠣᠳᠣ ᠰᠣᠨᠢᠷᠬᠠᠵᠤ ᠡᠯᠡᠰᠦᠨ ᠴᠥᠯ | ᠢᠶᠠᠷ ᠵᠢᠭᠤᠯᠴᠢᠯᠠᠬᠤ ᠳᠤ ᠲᠥᠭᠦᠮ ᠦᠵᠡᠭᠦᠯᠪᠡ᠃ ᠡᠨᠡ ᠮᠡᠲᠦ ᠪᠠᠷ ᠭᠦᠭᠡᠬᠤᠲᠠ - ᠲᠦᠩᠯᠢᠶᠣᠣ ᠬᠦᠷᠬᠦ᠂ | ᠭᠦᠭᠡᠬᠤᠲᠠ - ᠰᠢ ᠠᠨ ᠬᠦᠷᠬᠦ ᠵᠡᠷᠭᠡ ᠳᠤᠮᠳᠠ ᠬᠤᠯᠠ ᠵᠠᠮ ᠤᠨ ᠲᠦᠷ ᠴᠠᠭ ᠤᠨ ᠠᠶᠠᠨᠴᠢᠳ ᠤᠨ ᠭᠠᠯᠲᠤ ᠲᠡᠷᠭᠡ | ᠶᠢ 44 ᠡᠭᠡᠯᠵᠢ ᠠᠶᠠᠯᠠᠭᠤᠯᠤᠭᠰᠠᠨ ᠪᠠᠶᠢᠨ᠎ᠠ᠃ ᠡᠭᠦᠨ ᠤ ᠬᠠᠮᠲᠤ ᠪᠡᠭᠡᠵᠢᠩ ᠬᠦᠷᠬᠦ ᠲᠦᠷᠭᠡᠨ ᠤ ᠲᠡᠮᠦᠷ ᠵᠠᠮ ᠤᠨ | ᠭᠠᠯᠲᠤ ᠲᠡᠷᠭᠡ ᠪᠣᠯᠣᠨ ᠬᠥᠳᠡᠯᠭᠡᠬᠦ ᠬᠦᠴᠦᠨᠲᠦ ᠭᠠᠯᠲᠤ ᠲᠡᠷᠭᠡᠨ ᠤ ᠠᠶᠠᠯᠠᠯ ᠤᠨ ᠨᠢᠭᠲᠠᠴᠠ ᠶᠢ ᠨᠢᠭᠲᠠᠷᠠᠭᠤᠯᠵᠤ᠂ | 9 ᠰᠠᠷ᠎ᠠ ᠶᠢᠨ 29 ᠤ ᠡᠳᠦᠷ ᠤᠨ ᠤᠷᠭᠢᠯ ᠬᠤᠭᠤᠴᠠᠭᠠᠨ ᠳᠤ ᠭᠠᠭᠴᠠ ᠡᠳᠦᠷ ᠲᠤ 82 ᠡᠭᠡᠯᠵᠢ ᠠᠶᠠᠯᠠᠭᠤᠯᠪᠠ᠃ | ᠪᠠᠰᠠ ᠬᠤᠲᠠ ᠶᠢᠨ ᠬᠤᠭᠤᠷᠣᠨᠳᠣᠭᠢ ᠣᠶᠢᠷ᠎ᠠ ᠵᠠᠮ ᠤᠨ ᠠᠶᠠᠨᠴᠢᠳ ᠤᠨ ᠬᠡᠷᠡᠭᠴᠡᠭᠡ ᠳᠤ ᠴᠢᠭᠯᠡᠭᠦᠯᠦᠨ | ᠭᠦᠭᠡᠬᠤᠲᠠ᠂ ᠪᠤᠭᠤᠲᠤ᠂ ᠣᠷᠳᠣᠰ᠂ ᠤᠯᠠᠭᠠᠨᠴᠠᠪ᠂ ᠯᠢᠨ ᠾᠧ ᠪᠣᠯᠣᠨ ᠦᠬᠠᠢ ᠵᠡᠷᠭᠡ ᠭᠠᠵᠠᠷ ᠤᠨ ᠬᠤᠭᠤᠷᠣᠨᠳᠣᠭᠢ | ᠬᠥᠳᠡᠯᠭᠡᠬᠦ ᠬᠦᠴᠦᠨᠲᠦ ᠭᠠᠯᠲᠤ ᠲᠡᠷᠭᠡ᠂ ᠬᠤᠲᠠ ᠶᠢᠨ ᠬᠤᠭᠤᠷᠣᠨᠳᠣᠭᠢ ᠭᠠᠯᠲᠤ ᠲᠡᠷᠭᠡ ᠪᠠ ᠡᠩ ᠤᠨ | ᠬᠤᠷᠳᠤᠴᠠᠲᠤ ᠭᠠᠯᠲᠤ ᠲᠡᠷᠭᠡ ᠶᠢ ᠨᠡᠮᠡᠨ ᠲᠣᠬᠢᠷᠠᠭᠤᠯᠵᠤ᠂ 9 ᠰᠠᠷ᠎ᠠ ᠶᠢᠨ 29 ᠤ ᠡᠳᠦᠷ ᠬᠠᠮᠤᠭ ᠤᠨ | ᠤᠯᠠᠨ ᠳᠠᠭᠠᠨ 77 ᠡᠭᠡᠯᠵᠢ ᠠᠶᠠᠯᠠᠭᠤᠯᠤᠭᠰᠠᠨ ᠪᠠᠶᠢᠨ᠎ᠠ᠃ | | |