ᠰᠤᠷᠪᠤᠯᠵᠢᠯᠠᠬᠴᠢ 9 ᠤ ᠡᠳᠦᠷ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠠᠴᠠ | ᠣᠶᠢᠯᠠᠭᠠᠭᠰᠠᠨ ᠢᠶᠠᠷ᠂ ᠣᠶᠢᠷ᠎ᠠ ᠳᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠲᠥᠪ ᠤᠨ ᠢᠨᠲ᠋ᠧᠷ | ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠰᠤᠷᠭᠠᠨ ᠬᠥᠮᠦᠵᠢᠯ ᠤᠨ ᠶᠠᠮᠤᠨ᠂ ᠤᠯᠤᠰ ᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠳᠤᠮᠳᠠᠳᠤ ᠤᠯᠤᠰ ᠤᠨ ᠠᠷᠠᠳ ᠤᠨ ᠪᠠᠩᠬᠢ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠵᠡᠷᠭᠡ | ᠵᠢᠷᠭᠤᠭᠠᠨ ᠰᠠᠯᠠᠭ᠎ᠠ ᠮᠥᠴᠢᠷ ᠬᠠᠮᠲᠤᠷᠠᠨ ︽ᠪᠣᠳᠣᠯᠲᠠ ᠶᠢᠨ ᠴᠢᠳᠠᠪᠤᠷᠢ ᠶᠢᠨ ᠰᠠᠭᠤᠷᠢ ᠲᠥᠬᠦᠭᠡᠷᠦᠮᠵᠢ ᠶᠢᠨ | ᠴᠢᠨᠠᠷ ᠰᠠᠶᠢᠲᠠᠢ ᠬᠥᠭᠵᠢᠯᠲᠡ ᠶᠢᠨ ᠠᠵᠢᠯᠯᠠᠭᠠᠨ ᠤ ᠲᠥᠯᠥᠪᠯᠡᠭᠡ︾ ᠶᠢ ᠳᠠᠷᠤᠮᠠᠯᠯᠠᠨ ᠲᠠᠷᠬᠠᠭᠠᠵᠤ᠂ ᠪᠣᠳᠣᠯᠲᠠ ᠶᠢᠨ | ᠴᠢᠳᠠᠪᠤᠷᠢ᠂ ᠠᠴᠢᠶᠠᠯᠠᠬᠤ ᠴᠢᠳᠠᠪᠤᠷᠢ᠂ ᠬᠠᠳᠠᠭᠠᠯᠠᠬᠤ ᠴᠢᠳᠠᠪᠤᠷᠢ ᠵᠢᠴᠢ ᠬᠡᠷᠡᠭᠯᠡᠭᠡᠨ ᠤ ᠴᠢᠳᠠᠮᠵᠢ ᠵᠡᠷᠭᠡ ᠳᠥᠷᠪᠡᠨ | ᠲᠠᠯ᠎ᠠ ᠠᠴᠠ 2025 ᠣᠨ ᠪᠤᠯᠲᠠᠯᠠᠭᠢ ᠬᠥᠭᠵᠢᠯᠲᠡ ᠶᠢᠨ ᠬᠡᠮᠵᠢᠶᠡᠯᠡᠭᠰᠡᠨ ᠭᠦᠢᠴᠡᠳᠬᠡᠯ ᠲᠤᠭ᠎ᠠ ᠶᠢ ᠳᠤᠷᠠᠳᠤᠨ | ᠭᠠᠷᠭᠠᠵᠠᠢ᠃ | ᠲᠥᠯᠥᠪᠯᠡᠭᠡ ᠳᠤ᠂ 2025 ᠣᠨ ᠪᠤᠯᠬᠤ ᠳᠤ ᠪᠣᠳᠣᠯᠲᠠ ᠶᠢᠨ ᠴᠢᠳᠠᠪᠤᠷᠢ ᠶᠢᠨ ᠲᠠᠯ᠎ᠠ ᠪᠠᠷ᠂ ᠪᠣᠳᠣᠯᠲᠠ ᠶᠢᠨ | ᠴᠢᠳᠠᠪᠤᠷᠢ ᠶᠢᠨ ᠬᠡᠪᠴᠢᠶ᠎ᠡ ᠨᠢ 300 EFLOPS ︵EFLOPS ᠪᠣᠯ ᠰᠧᠺᠦ᠋ᠨ᠋ᠳ᠋ ᠪᠦᠷᠢ ᠶᠢᠨ ᠵᠠᠭᠤᠨ | ᠳ᠋ᠦᠩᠰᠢᠭᠤᠷ ᠳ᠋ᠦᠩᠰᠢᠭᠤᠷ ᠤᠳᠠᠭ᠎ᠠ ᠶᠢᠨ ᠬᠥᠪᠥᠮᠡᠯ ᠴᠡᠭ ᠤᠨ ᠪᠤᠳᠤᠬᠤ ᠤᠳᠠᠭ᠎ᠠ ᠶᠢ ᠵᠢᠭᠠᠵᠤ ᠪᠤᠶ︶ ᠠᠴᠠ | ᠳᠠᠪᠠᠭᠰᠠᠨ᠂ ᠣᠶᠤᠨᠲᠤ ᠪᠣᠳᠣᠯᠲᠠ ᠶᠢᠨ ᠴᠢᠳᠠᠪᠤᠷᠢ ᠶᠢᠨ ᠡᠵᠡᠯᠡᠬᠦ ᠬᠠᠷᠢᠴᠠᠯ ᠢ 35% ᠳᠤ ᠬᠦᠷᠭᠡᠵᠦ᠂ ᠵᠡᠭᠦᠨ | ᠪᠠᠷᠠᠭᠤᠨ ᠬᠡᠰᠡᠭ ᠤᠨ ᠪᠣᠳᠣᠯᠲᠠ ᠶᠢᠨ ᠴᠢᠳᠠᠪᠤᠷᠢ ᠶᠢᠨ ᠲᠡᠩᠴᠡᠭᠦᠷᠢ ᠶᠢ ᠵᠣᠬᠢᠴᠠᠩᠭᠤᠢ ᠪᠠᠷ ᠬᠥᠭᠵᠢᠭᠦᠯᠦᠨ᠎ᠡ᠃ | ᠠᠴᠢᠶᠠᠯᠠᠬᠤ ᠴᠢᠳᠠᠪᠤᠷᠢ ᠶᠢᠨ ᠲᠠᠯ᠎ᠠ ᠪᠠᠷ᠂ ᠤᠯᠤᠰ ᠤᠨ ᠬᠦᠢᠰᠦ ᠵᠠᠩᠭᠢᠯᠠᠭ᠎ᠠ ᠶᠢᠨ ᠴᠡᠭ ᠤᠨ ᠳ᠋ᠠᠶᠢᠲ᠋ᠠ ᠶᠢᠨ ᠲᠥᠪ ᠤᠨ | ᠴᠤᠭᠯᠠᠷᠠᠯ ᠤᠨ ᠬᠤᠭᠤᠷᠣᠨᠳᠤ ᠣᠨᠣᠯ ᠤᠨ ᠤᠷᠲᠤᠳᠬᠠᠭᠰᠠᠨ 1.5 ᠳᠠᠭᠢᠨ ᠠᠴᠠ ᠥᠨᠳᠥᠷ ᠪᠢᠰᠢ ᠪᠠᠶᠢᠬᠤ | ᠰᠢᠭᠤᠳ ᠬᠤᠯᠪᠣᠬᠤ ᠰᠦᠯᠵᠢᠶᠡᠨ ᠤ ᠳᠠᠮᠵᠢᠭᠤᠯᠭ᠎ᠠ ᠶᠢ ᠦᠨᠳᠦᠰᠦᠨ ᠳᠡᠭᠡᠨ ᠪᠡᠶᠡᠯᠡᠭᠦᠯᠵᠦ᠂ ᠭᠤᠣᠯᠳᠠᠯᠭ᠎ᠠ ᠲᠠᠢ | ᠬᠡᠷᠡᠭᠯᠡᠭᠡᠨ ᠤ ᠲᠠᠯᠠᠪᠤᠷ ᠤᠨ ᠭᠡᠷᠡᠯ ᠳᠠᠮᠵᠢᠭᠤᠯᠭ᠎ᠠ ᠶᠢᠨ ᠰᠦᠯᠵᠢᠶ᠎ᠡ ︵OTN︶ ᠶᠢᠨ ᠪᠦᠷᠬᠦᠴᠡ ᠶᠢᠨ ᠨᠣᠷᠮ᠎ᠠ ᠶᠢ | 80% ᠳᠤ ᠬᠦᠷᠭᠡᠵᠦ᠂ ᠭᠤᠣᠯᠯᠠᠭᠴᠢ ᠰᠦᠯᠵᠢᠶ᠎ᠡ᠂ ᠬᠤᠲᠠ ᠶᠢᠨ ᠬᠡᠪᠴᠢᠶᠡᠨ ᠤ ᠰᠦᠯᠵᠢᠶ᠎ᠡ ᠳᠤ IPv 6᠂ SRv | 6 ᠵᠡᠷᠭᠡ ᠰᠢᠨ᠎ᠡ ᠶᠢ ᠡᠭᠦᠳᠬᠦ ᠮᠡᠷᠭᠡᠵᠢᠯ ᠤᠨ ᠬᠡᠷᠡᠭᠯᠡᠯᠲᠡ ᠶᠢᠨ ᠡᠵᠡᠯᠡᠬᠦ ᠬᠠᠷᠢᠴᠠᠯ ᠢ 40% ᠳᠤ ᠬᠦᠷᠭᠡᠨ᠎ᠡ᠃ | ᠬᠠᠳᠠᠭᠠᠯᠠᠬᠤ ᠴᠢᠳᠠᠪᠤᠷᠢ ᠶᠢᠨ ᠲᠠᠯ᠎ᠠ ᠪᠠᠷ᠂ ᠬᠠᠳᠠᠭᠠᠯᠠᠬᠤ ᠶᠡᠷᠦᠩᠬᠡᠢ ᠬᠡᠮᠵᠢᠶ᠎ᠡ ᠶᠢ 1800 EB ᠶᠢ ᠳᠠᠪᠠᠭᠤᠯᠵᠤ᠂ | ᠲᠡᠷᠢᠭᠦᠨ ᠤ ᠬᠠᠳᠠᠭᠠᠯᠠᠬᠤ ᠪᠠᠭᠲᠠᠭᠠᠮᠵᠢ ᠶᠢᠨ ᠡᠵᠡᠯᠡᠬᠦ ᠬᠠᠷᠢᠴᠠᠯ ᠢ 30% ᠠᠴᠠ ᠳᠡᠭᠡᠭᠰᠢ ᠳᠤ ᠬᠦᠷᠭᠡᠵᠦ᠂ | ᠭᠤᠣᠯᠳᠠᠯᠭ᠎ᠠ ᠲᠠᠢ ᠠᠵᠢᠯ ᠲᠥᠷᠥᠯ ᠤᠨ ᠭᠤᠣᠯ ᠲᠤᠭ᠎ᠠ ᠪᠠᠷᠢᠮᠲᠠ᠂ ᠴᠢᠬᠤᠯᠠ ᠲᠤᠭ᠎ᠠ ᠪᠠᠷᠢᠮᠲᠠ ᠶᠢᠨ ᠭᠠᠮᠰᠢᠭ ᠤᠨ | ᠪᠡᠯᠡᠳᠬᠡᠯ ᠤᠨ ᠪᠦᠷᠬᠦᠴᠡ ᠶᠢᠨ ᠨᠣᠷᠮ᠎ᠠ ᠶᠢ 100% ᠳᠤ ᠬᠦᠷᠭᠡᠨ᠎ᠡ᠃ ᠬᠡᠷᠡᠭᠯᠡᠭᠡᠨ ᠤ ᠴᠢᠳᠠᠮᠵᠢ ᠶᠢᠨ ᠲᠠᠯ᠎ᠠ ᠪᠠᠷ᠂ | ᠠᠵᠤ ᠦᠢᠯᠡᠳᠪᠦᠷᠢ᠂ ᠮᠥᠩᠭᠦᠨ ᠭᠦᠢᠯᠭᠡᠭᠡᠨ᠂ ᠡᠮᠴᠢᠯᠡᠭᠡ᠂ ᠵᠠᠮ ᠬᠠᠷᠢᠯᠴᠠᠭ᠎ᠠ᠂ ᠡᠨᠧᠷᠭᠢ᠂ ᠰᠤᠷᠭᠠᠨ ᠬᠥᠮᠦᠵᠢᠯ ᠵᠡᠷᠭᠡ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠲᠣᠰ ᠲᠣᠰ 30 ᠠᠴᠠ ᠳᠡᠭᠡᠭᠰᠢᠬᠢ ᠬᠡᠷᠡᠭᠯᠡᠭᠡᠨ ᠤ | ᠦᠯᠢᠭᠡᠷ ᠬᠡᠪ ᠢ ᠪᠤᠶ ᠪᠣᠯᠭᠠᠨ᠎ᠠ ᠭᠡᠵᠦ ᠳᠤᠷᠠᠳᠪᠠ᠃ | ᠲᠥᠯᠥᠪᠯᠡᠭᠡ ᠨᠢ ᠪᠠᠰᠠ ᠪᠣᠳᠣᠯᠲᠠ ᠶᠢᠨ ᠴᠢᠳᠠᠪᠤᠷᠢ ᠶᠢᠨ ᠶᠡᠷᠦᠩᠬᠡᠶᠢᠯᠡᠭᠰᠡᠨ ᠬᠠᠩᠭᠠᠯᠭ᠎ᠠ ᠶᠢᠨ ᠰᠢᠰᠲ᠋ᠧᠮ ᠢ | ᠲᠡᠭᠦᠯᠳᠡᠷᠵᠢᠭᠦᠯᠬᠦ᠂ ᠪᠣᠳᠣᠯᠲᠠ ᠶᠢᠨ ᠴᠢᠳᠠᠪᠤᠷᠢ ᠶᠢᠨ ᠥᠨᠳᠥᠷ ᠪᠦᠲᠦᠮᠵᠢᠲᠡᠢ ᠵᠥᠭᠡᠭᠡᠪᠦᠷᠢᠯᠡᠬᠦ ᠴᠢᠳᠠᠪᠤᠷᠢ ᠶᠢ | ᠳᠡᠭᠡᠭᠰᠢᠯᠡᠭᠦᠯᠭᠦ᠂ ᠨᠥᠭᠡᠴᠡ ᠬᠦᠴᠦᠨ ᠤ ᠥᠨᠳᠥᠷ ᠪᠦᠲᠦᠮᠵᠢᠲᠡᠢ ᠠᠮᠢᠳᠤᠯᠢᠭ ᠪᠠᠲᠤᠯᠠᠭ᠎ᠠ ᠶᠢ ᠴᠢᠩᠭᠠᠳᠬᠠᠬᠤ᠂ | ᠪᠣᠳᠣᠯᠲᠠ ᠶᠢᠨ ᠴᠢᠳᠠᠪᠤᠷᠢ ᠣᠯᠭᠤᠬᠤ ᠠᠵᠢᠯ ᠲᠦᠷᠦᠯ ᠤᠨ ᠬᠡᠷᠡᠭᠯᠡᠭᠡ ᠶᠢ ᠭᠦᠨᠵᠡᠭᠡᠶᠢᠷᠡᠭᠦᠯᠬᠦ᠂ ᠪᠣᠬᠢᠷᠳᠤᠯ ᠦᠭᠡᠢ | ᠪᠠᠭ᠎ᠠ ᠨᠡᠭᠦᠷᠡᠰᠦᠲᠥ᠋ᠷᠥᠭᠴᠢᠲᠦ ᠪᠣᠳᠣᠯᠲᠠ ᠶᠢᠨ ᠴᠢᠳᠠᠪᠤᠷᠢ ᠶᠢᠨ ᠬᠥᠭᠵᠢᠯᠲᠡ ᠶᠢ ᠠᠬᠢᠭᠤᠯᠬᠤ᠂ ᠠᠮᠤᠷ ᠲᠦᠪᠰᠢᠨ ᠢ | ᠪᠠᠲᠤᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠵᠢᠷᠭᠤᠭᠠᠨ ᠲᠠᠯ᠎ᠠ ᠪᠠᠷ 25 ᠵᠦᠢᠯ ᠤᠨ | ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠃ | ᠣᠶᠢᠯᠠᠭᠠᠭᠰᠠᠨ ᠢᠶᠠᠷ᠂ ᠪᠣᠳᠣᠯᠲᠠ ᠶᠢᠨ ᠴᠢᠳᠠᠪᠤᠷᠢ ᠪᠣᠯ ᠮᠡᠳᠡᠭᠡ ᠵᠠᠩᠭᠢ ᠶᠢᠨ ᠪᠣᠳᠣᠯᠲᠠ ᠶᠢᠨ ᠴᠢᠳᠠᠪᠤᠷᠢ᠂ | ᠰᠦᠯᠵᠢᠶᠡᠨ ᠤ ᠠᠴᠢᠶᠠᠯᠠᠬᠤ ᠴᠢᠳᠠᠪᠤᠷᠢ᠂ ᠲᠤᠭ᠎ᠠ ᠪᠠᠷᠢᠮᠲᠠ ᠶᠢ ᠬᠠᠳᠠᠭᠠᠯᠠᠬᠤ ᠴᠢᠳᠠᠪᠤᠷᠢ ᠶᠢ ᠨᠢᠭᠡ | ᠴᠣᠭᠴᠠᠵᠢᠭᠤᠯᠤᠭᠰᠠᠨ ᠰᠢᠨ᠎ᠡ ᠭᠡᠯᠪᠡᠷᠢ ᠶᠢᠨ ᠦᠢᠯᠡᠳᠪᠦᠷᠢᠯᠡᠯ ᠤᠨ ᠬᠦᠴᠦᠨ ᠢ ᠲᠥᠪᠯᠡᠷᠡᠭᠦᠯᠵᠦ᠂ ᠭᠤᠣᠯᠳᠠᠭᠤ | ᠪᠣᠳᠣᠯᠲᠠ ᠶᠢᠨ ᠬᠦᠴᠦᠨ ᠤ ᠰᠠᠭᠤᠷᠢ ᠲᠥᠬᠦᠭᠡᠷᠦᠮᠵᠢ ᠪᠠᠷ ᠳᠠᠮᠵᠢᠭᠤᠯᠤᠨ ᠨᠡᠶᠢᠭᠡᠮ ᠳᠤ ᠦᠢᠯᠡᠴᠢᠯᠡᠭᠡ ᠬᠠᠩᠭᠠᠬᠤ | ᠶᠠᠪᠤᠳᠠᠯ ᠪᠣᠯᠣᠨ᠎ᠠ᠃ ᠪᠣᠳᠣᠯᠲᠠ ᠶᠢᠨ ᠴᠢᠳᠠᠪᠤᠷᠢ ᠶᠢᠨ ᠰᠠᠭᠤᠷᠢ ᠲᠥᠬᠦᠭᠡᠷᠦᠮᠵᠢ ᠪᠣᠯ ᠲᠣᠭᠠᠴᠢᠯᠠᠭᠰᠠᠨ ᠠᠵᠤ | ᠠᠬᠤᠢ ᠶᠢᠨ ᠬᠥᠭᠵᠢᠯᠲᠡ ᠶᠢ ᠲᠤᠯᠭᠠᠭᠤᠷᠢᠯᠠᠬᠤ ᠴᠢᠬᠤᠯᠠ ᠡᠬᠢ ᠪᠠᠶᠠᠯᠢᠭ ᠪᠠ ᠰᠠᠭᠤᠷᠢ ᠲᠥᠬᠦᠭᠡᠷᠦᠮᠵᠢ ᠮᠥᠨ᠂ | ᠤᠯᠠᠨ ᠡᠰᠢᠵᠢᠭᠰᠡᠨ᠂ ᠣᠶᠤᠨᠴᠢᠯᠠᠭᠰᠠᠨ᠂ ᠬᠤᠷᠴᠠ ᠱᠠᠯᠠᠮᠠᠭᠠᠢ᠂ ᠠᠮᠤᠷ ᠲᠦᠪᠰᠢᠨ ᠨᠠᠶᠢᠳᠠᠪᠤᠷᠢᠲᠠᠢ᠂ ᠪᠣᠬᠢᠷᠳᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠡᠷᠭᠡ ᠣᠨᠴᠠᠯᠢᠭ ᠲᠠᠢ ᠪᠠᠶᠢᠵᠤ᠂ ᠲᠣᠭᠠᠴᠢᠯᠠᠭᠰᠠᠨ ᠭᠡᠯᠪᠡᠷᠢ ᠲᠡᠶᠢᠰᠢ | ᠬᠤᠪᠢᠷᠠᠭᠤᠯᠬᠤ᠂ ᠢᠷᠡᠭᠡᠳᠦᠢ ᠶᠢᠨ ᠠᠵᠤ ᠦᠢᠯᠡᠰ ᠢ ᠪᠣᠶᠢᠵᠢᠭᠤᠯᠬᠤ ᠵᠢᠴᠢ ᠠᠵᠤ ᠠᠬᠤᠢ ᠶᠢᠨ ᠬᠥᠭᠵᠢᠯᠲᠡ ᠶᠢᠨ | ᠰᠢᠨ᠎ᠡ ᠬᠥᠳᠡᠯᠭᠡᠬᠦ ᠡᠨᠧᠷᠭᠢ ᠶᠢ ᠪᠦᠷᠢᠯᠳᠦᠭᠦᠯᠬᠦ ᠵᠡᠷᠭᠡ ᠲᠠᠯ᠎ᠠ ᠪᠠᠷ ᠴᠢᠬᠤᠯᠠ ᠦᠢᠯᠡᠳᠦᠯ ᠲᠠᠢ ᠶᠤᠮ᠃ |