︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠤᠭᠰᠠᠨ 10 ᠵᠢᠯ ᠤᠨ ᠲᠤᠷᠰᠢ ᠣᠯᠣᠭᠰᠠᠨ | ᠦᠷ᠎ᠡ ᠪᠦᠲᠦᠭᠡᠯ ᠢ ᠲᠠᠨᠢᠯᠴᠠᠭᠤᠯᠵᠤ᠂ ᠳᠡᠯᠡᠬᠡᠢ ᠨᠡᠶᠢᠲᠡ ᠶᠢᠨ ᠲᠠᠨᠢᠯᠲᠠ ᠣᠶᠢᠯᠠᠭᠠᠯᠲᠠ ᠶᠢ ᠴᠢᠨᠠᠭᠰᠢᠳᠠ | ᠨᠡᠮᠡᠭᠳᠡᠭᠦᠯᠦᠨ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ᠂ ︽ᠨᠢᠭᠡ ᠪᠦᠰᠡ ᠨᠢᠭᠡ ᠵᠠᠮ︾ ᠢᠶᠠᠷ ᠨᠠᠩ ᠣᠯᠠᠨ ᠤᠯᠤᠰ ᠪᠠ ᠠᠷᠠᠳ ᠲᠦᠮᠡᠨ ᠳᠤ | ᠠᠰᠢᠭ ᠬᠦᠷᠲᠡᠭᠡᠬᠦ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠣᠨᠢᠨ ᠮᠡᠳᠡᠭᠡᠨ ᠤ ᠠᠯᠪᠠᠨ ᠭᠡᠷ | 10 ᠤ ᠡᠳᠦᠷ ︽︿ᠨᠢᠭᠡ ᠪᠦᠰᠡ ᠨᠢᠭᠡ ᠵᠠᠮ﹀ ᠢ ᠬᠠᠮᠲᠤ ᠪᠠᠷ ᠪᠦᠲᠦᠭᠡᠨ ᠪᠠᠶᠢᠭᠤᠯᠬᠤ᠄ ᠬᠥᠮᠥᠨ ᠲᠥᠷᠥᠯᠬᠢᠲᠡᠨ ᠤ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠴᠢᠬᠤᠯᠠ ᠶᠡᠭᠡ ᠦᠢᠯᠡᠳᠦᠯᠭᠡ︾ ᠭᠡᠬᠦ ᠴᠠᠭᠠᠨ ᠭᠠᠳᠠᠷᠲᠤ | ᠪᠢᠴᠢᠭ ᠢ ᠨᠡᠶᠢᠲᠡᠯᠡᠪᠡ᠃ | ᠴᠠᠭᠠᠨ ᠭᠠᠳᠠᠷᠲᠤ ᠪᠢᠴᠢᠭ ᠲᠤ᠂ 2013 ᠣᠨ ᠤ 3 ᠰᠠᠷ᠎ᠠ ᠳᠤ᠂ ᠲᠡᠷᠢᠭᠦᠯᠡᠭᠴᠢ ᠰᠢ ᠶᠢᠨ ᠫᠢᠩ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠢ ᠳᠤᠷᠠᠳᠪᠠ; | 9 ᠰᠠᠷ᠎ᠠ ᠪᠣᠯᠣᠨ 10 ᠰᠠᠷ᠎ᠠ ᠳᠤᠨᠢ ᠤᠷᠢᠳ ᠬᠤᠵᠢᠳ ︽ᠲᠣᠷᠭᠠᠨ ᠵᠠᠮ ᠤᠨ ᠠᠵᠤ ᠠᠬᠤᠢ ᠶᠢᠨ ᠪᠦᠰᠡ︾ ᠪᠣᠯᠣᠨ | ︽21 ᠳ᠋ᠦ᠋ᠭᠡᠷ ᠵᠠᠭᠤᠨ ᠤ ᠳᠠᠯᠠᠶ ᠳᠡᠭᠡᠷᠡᠬᠢ ᠲᠣᠷᠭᠠᠨ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠪᠠᠷ ᠳᠤᠷᠠᠳᠴᠠᠢ᠃ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠨᠢ ᠡᠷᠲᠡᠨ ᠤ ᠲᠣᠷᠭᠠᠨ ᠵᠠᠮ | ᠭᠡᠬᠦ ᠡᠨᠡ ᠬᠦ ᠬᠥᠮᠥᠨ ᠲᠥᠷᠥᠯᠬᠢᠲᠡᠨ ᠤ ᠲᠡᠦᠬᠡ ᠶᠢᠨ ᠪᠣᠯᠪᠠᠰᠤᠨ ᠤ ᠬᠥᠭᠵᠢᠯᠲᠡ ᠶᠢᠨ ᠦᠷ᠎ᠡ ᠪᠦᠲᠦᠭᠡᠯ ᠢ | ᠪᠦᠲᠦᠭᠡᠯᠴᠢ ᠪᠠᠷ ᠤᠯᠠᠮᠵᠢᠯᠠᠨ ᠪᠠᠳᠠᠷᠠᠭᠤᠯᠤᠭᠰᠠᠨ ᠪᠥᠭᠡᠳ ᠲᠡᠭᠦᠨ ᠳᠤ ᠰᠢᠨ᠎ᠡ ᠴᠠᠭ ᠦᠶ᠎ᠡ ᠶᠢᠨ ᠵᠣᠷᠢᠭ ᠰᠠᠨᠠᠭ᠎ᠠ | ᠪᠠ ᠰᠣᠶᠣᠯ ᠢᠷᠭᠡᠨᠰᠢᠯ ᠤᠨ ᠠᠭᠤᠯᠬᠤᠨ ᠣᠯᠭᠤᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠳᠤ ᠦᠢᠯᠡᠳᠦᠯᠭᠡ ᠶᠢᠨ ᠲᠠᠪᠴᠠᠩ ᠬᠠᠩᠭᠠᠭᠰᠠᠨ ᠪᠠᠶᠢᠨ᠎ᠠ ᠭᠡᠪᠡ᠃ | ᠴᠠᠭᠠᠨ ᠭᠠᠳᠠᠷᠲᠤ ᠪᠢᠴᠢᠭ ᠲᠤ᠂ 10 ᠵᠢᠯ ᠤᠨ ᠲᠤᠷᠰᠢ᠂ ᠡᠯ᠎ᠡ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠨᠢ ᠳᠤᠮᠳᠠᠳᠤ ᠤᠯᠤᠰ ᠤᠨ ᠰᠠᠨᠠᠭᠠᠴᠢᠯᠠᠭ᠎ᠠ | ᠠᠴᠠ ᠣᠯᠠᠨ ᠤᠯᠤᠰ ᠤᠨ ᠦᠢᠯᠡᠳᠦᠯᠭᠡ ᠲᠡᠶᠢᠰᠢ ᠤᠷᠤᠭᠰᠢᠯᠠᠵᠤ᠂ ᠣᠶᠢᠯᠠᠭᠠᠭᠳᠠᠬᠤᠨ ᠠᠴᠠ ᠠᠵᠢᠯᠯᠠᠭ᠎ᠠ ᠪᠣᠯᠣᠨ | ᠬᠤᠪᠢᠷᠠᠵᠤ᠂ ᠬᠦᠰᠡᠯ ᠡᠷᠡᠮᠡᠯᠵᠡᠯ ᠠᠴᠠ ᠪᠣᠳᠠᠲᠤ ᠠᠬᠤᠢ ᠪᠣᠯᠣᠨ ᠬᠤᠪᠢᠷᠠᠵᠤ᠂ ᠲᠥᠰᠥᠪᠯᠡᠨ ᠪᠠᠶᠢᠷᠢᠰᠢᠭᠤᠯᠤᠭᠰᠠᠨ | ︽ᠲᠣᠶᠢᠮᠣ ᠵᠢᠷᠤᠭ︾ ᠠᠴᠠ ᠨᠠᠷᠢᠨ ᠰᠠᠶᠢᠯᠵᠤ ᠨᠢᠮᠪᠠᠢ ᠤᠷᠠᠯᠠᠭᠰᠠᠨ ︽ᠭᠤᠶᠢᠳᠠ ᠵᠢᠷᠤᠭ︾ ᠪᠣᠯᠵᠤ᠂ ᠦᠨᠡᠨ ᠪᠣᠳᠠᠲᠠᠢ᠂ | ᠴᠢᠬᠤᠯᠠ ᠶᠡᠭᠡ ᠠᠮᠵᠢᠯᠲᠠ ᠣᠯᠵᠤ᠂ ᠭᠦᠨ ᠬᠦᠷᠢᠶᠡᠯᠡᠯ ᠢ ᠣᠯᠣᠭᠰᠠᠨ ᠣᠯᠠᠨ ᠤᠯᠤᠰ ᠤᠨ ᠣᠯᠠᠨ ᠨᠡᠶᠢᠲᠡ ᠶᠢᠨ | ᠦᠢᠯᠡᠳᠬᠦᠨ ᠪᠠ ᠣᠯᠠᠨ ᠤᠯᠤᠰ ᠤᠨ ᠬᠠᠮᠲᠤᠷᠠᠯᠴᠠᠭᠠᠨ ᠤ ᠲᠠᠪᠴᠠᠩ ᠪᠣᠯᠤᠭᠰᠠᠨ ᠪᠠᠶᠢᠨ᠎ᠠ ᠭᠡᠵᠦ ᠵᠢᠭᠠᠵᠤ ᠭᠠᠷᠭᠠᠪᠠ᠃ | | ᠴᠠᠭᠠᠨ ᠭᠠᠳᠠᠷᠲᠤ ᠪᠢᠴᠢᠭ ᠲᠤ᠂ 10 ᠵᠢᠯ ᠤᠨ ᠲᠤᠷᠰᠢ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠲᠦᠭᠡᠨ ᠪᠠᠶᠢᠭᠤᠯᠬᠤ ᠨᠢ ᠬᠤᠯᠪᠣᠭᠳᠠᠯ ᠪᠦᠬᠦᠢ ᠤᠯᠤᠰ ᠲᠤ ᠦᠨᠡᠨ ᠪᠣᠳᠠᠲᠠᠢ ᠠᠰᠢᠭ ᠲᠤᠰᠠ ᠣᠯᠭᠤᠭᠰᠠᠨ ᠢᠶᠠᠷ | ᠪᠠᠷᠠᠬᠤ ᠦᠭᠡᠢ᠂ ᠪᠠᠰᠠ ᠠᠵᠤ ᠠᠬᠤᠢ ᠶᠢᠨ ᠳᠡᠯᠡᠬᠡᠶᠢᠵᠢᠯᠲᠡ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ᠂ ᠪᠦᠭᠦ | ᠪᠥᠮᠪᠥᠷᠴᠡᠭ ᠤᠨ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠪᠠ ᠪᠦᠭᠦ ᠪᠥᠮᠪᠥᠷᠴᠡᠭ ᠤᠨ | ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠦ᠂ ᠬᠥᠮᠥᠨ | ᠲᠥᠷᠥᠯᠬᠢᠲᠡᠨ ᠤ ᠣᠳᠣᠬᠢᠴᠢᠯᠠᠯᠲᠠ ᠶᠢ ᠬᠠᠮᠲᠤ ᠪᠠᠷ ᠪᠡᠶᠡᠯᠡᠭᠦᠯᠬᠦ ᠰᠢᠨ᠎ᠡ ᠠᠷᠭ᠎ᠠ ᠵᠠᠮ ᠢ ᠨᠡᠭᠡᠭᠡᠵᠦ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠪᠠ ᠭᠡᠪᠡ᠃ | ᠴᠠᠭᠠᠨ ᠭᠠᠳᠠᠷᠲᠤ ᠪᠢᠴᠢᠭ ᠲᠤ᠂ ᠳᠤᠮᠳᠠᠳᠤ ᠤᠯᠤᠰ ᠳᠤᠷᠠᠲᠠᠶ᠎ᠠ ᠡᠯ᠎ᠡ ᠤᠯᠤᠰ ᠲᠠᠢ ᠬᠠᠮᠲᠤ ᠪᠠᠷ᠂ ︽ᠨᠢᠭᠡ | ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠡᠷᠡᠰ ᠭᠤᠶᠢᠪᠢᠰᠢ ᠦᠭᠡᠢ | ᠠᠬᠢᠭᠤᠯᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ | ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ | ᠥᠨᠢ ᠤᠳᠠᠭᠠᠨ ᠡᠩᠬᠡ ᠲᠠᠶᠢᠪᠤᠩ᠂ ᠨᠡᠶᠢᠳᠡᠮ ᠠᠮᠤᠷ ᠲᠦᠪᠰᠢᠨ᠂ ᠬᠠᠮᠲᠤ ᠪᠠᠷ ᠴᠡᠴᠡᠭᠯᠡᠨ ᠬᠥᠭᠵᠢᠭᠰᠡᠨ᠂ ᠨᠡᠭᠡᠭᠡᠯᠲᠡᠲᠡᠢ | ᠪᠠᠭᠲᠠᠭᠠᠮᠵᠢᠲᠠᠢ᠂ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ ᠪᠦᠲᠦᠭᠡᠨ ᠪᠠᠶᠢᠭᠤᠯᠵᠤ᠂ | ᠡᠩᠬᠡ ᠲᠠᠶᠢᠪᠤᠩ ᠤᠨ ᠣᠴᠢ ᠶᠢ ᠦᠶ᠎ᠡ ᠶᠢᠨ ᠦᠶ᠎ᠡ ᠳᠤ ᠪᠠᠳᠠᠷᠠᠭᠠᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠢ | ᠲᠠᠰᠤᠷᠠᠯᠲᠠ ᠦᠭᠡᠢ ᠤᠨᠳᠤᠷᠤᠭᠤᠯᠵᠤ᠂ ᠪᠣᠯᠪᠠᠰᠤᠨ ᠤ ᠭᠡᠷᠡᠯ ᠭᠢᠯᠪᠠᠭ᠎ᠠ ᠶᠢ ᠰᠠᠴᠤᠷᠠᠭᠤᠯᠵᠤ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠰᠠᠶᠢᠨ ᠰᠠᠶᠢᠬᠠᠨ ᠬᠠᠭᠤᠳᠠᠰᠤ ᠶᠢ ᠬᠠᠮᠲᠤ ᠪᠠᠷ | ᠵᠢᠷᠤᠭᠯᠠᠨ᠎ᠠ ᠭᠡᠵᠦ ᠵᠢᠭᠠᠵᠤ ᠭᠠᠷᠭᠠᠪᠠ᠃ | ᠴᠠᠭᠠᠨ ᠭᠠᠳᠠᠷᠲᠤ ᠪᠢᠴᠢᠭ ᠨᠢ ᠡᠮᠦᠨᠡᠬᠢ ᠦᠭᠡ᠂ ᠲᠡᠭᠦᠰᠬᠡᠯ ᠤᠨ ᠦᠭᠡ ᠠᠴᠠ ᠭᠠᠳᠠᠨ᠎ᠠ ᠪᠠᠰᠠ ᠲᠠᠪᠤᠨ | ᠬᠡᠰᠡᠭ ᠬᠤᠪᠢᠶᠠᠵᠤ᠂ ᠲᠣᠰ ᠲᠣᠰ᠄ ᠳᠤᠮᠳᠠᠳᠤ ᠤᠯᠤᠰ ᠠᠴᠠ ᠢᠷᠡᠯᠲᠡ ᠲᠠᠢ ᠳᠡᠯᠡᠬᠡᠢ ᠳ᠋ᠠᠬᠢᠨ ᠳᠤ ᠬᠠᠷᠢᠶᠠᠯᠠᠬᠳᠠᠨ᠎ᠠ︔ | ᠬᠠᠮᠲᠤ ᠪᠠᠷ ᠬᠥᠭᠵᠢᠨ ᠴᠡᠴᠡᠭᠯᠡᠬᠦ ᠵᠠᠮ ᠢ ᠳᠡᠪᠢᠰᠦᠨ᠎ᠡ︔ ᠪᠦᠭᠦ ᠲᠠᠯ᠎ᠠ ᠶᠢᠨ ᠣᠯᠠᠨ ᠬᠦᠷᠢᠶᠡᠨ ᠤ ᠬᠤᠯᠪᠣᠯᠳᠤᠨ | ᠨᠡᠪᠲᠡᠷᠡᠯᠴᠡᠬᠦ ᠶᠢ ᠠᠭᠢᠭᠤᠯᠤᠨ᠎ᠠ︔ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠳᠤ ᠢᠳᠡᠪᠬᠢ ᠬᠦᠴᠦᠨ | ᠨᠡᠮᠡᠷᠢᠯᠡᠨ᠎ᠡ︔ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠠᠶᠠᠨ | ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠤᠨ᠎ᠠ ᠵᠡᠷᠭᠡ ᠪᠣᠯᠣᠨ᠎ᠠ᠃ |