ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ 2023 ᠣᠨ ᠤ 26 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/13
     10 ᠰᠠᠷ᠎ᠠ ᠶᠢᠨ 10  ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 26 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ︽ᠦᠴᠦᠸᠠᠨ ᠰᠢᠶᠠᠨ ᠤ ᠵᠧᠵᠢᠶᠠᠩ ᠤᠨ ︿ᠮᠢᠩᠭᠠᠨ ᠲᠦᠮᠡ ᠶᠢᠨ ᠢᠨᠵᠧᠨᠧᠷᠢᠩ﹀ ᠤᠨ ᠲᠤᠷᠰᠢᠯᠭ᠎ᠠ ᠶᠢ ᠰᠤᠷᠤᠯᠴᠠᠨ ᠳᠡᠯᠭᠡᠷᠡᠭᠦᠯᠬᠦ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ 2023︱2025 ᠣᠨ ᠤ ᠬᠡᠷᠡᠭᠵᠢᠭᠦᠯᠬᠦ ᠲᠥᠰᠥᠯ︾ ᠤᠨ ᠬᠤᠯᠪᠣᠭᠳᠠᠯ ᠪᠦᠬᠦᠢ ᠶᠠᠪᠤᠳᠠᠯ ᠢ ᠬᠢᠨᠠᠨ ᠵᠥᠪᠯᠡᠪᠡ︔ ᠬᠥᠳᠡᠭᠡ ᠲᠣᠰᠬᠤᠨ ᠤ ᠵᠠᠰᠠᠮᠠᠯ ᠵᠠᠮ ᠤᠨ ᠤᠰᠤᠨ ᠳᠤ ᠡᠪᠳᠡᠭᠳᠡᠵᠦ ᠰᠡᠯᠪᠢᠨ ᠵᠠᠰᠠᠬᠤ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠪᠠ᠃      ᠬᠤᠷᠠᠯ ᠠᠴᠠ ᠱᠠᠭᠠᠷᠳᠠᠭᠰᠠᠨ ᠨᠢ᠂ ︽ᠮᠢᠩᠭᠠᠨ ᠲᠦᠮᠡ ᠶᠢᠨ ᠢᠨᠵᠧᠨᠧᠷᠢᠩ︾ ᠪᠣᠯ ᠰᠢ ᠶᠢᠨ ᠫᠢᠩ ᠨᠥᠬᠦᠷ ᠤᠨ ᠵᠧᠵᠢᠶᠠᠩ ᠳᠤ ᠠᠵᠢᠯᠯᠠᠵᠤ ᠪᠠᠶᠢᠬᠤ ᠳᠠᠭᠠᠨ ᠪᠡᠶ᠎ᠡ ᠪᠠᠷ ᠢᠶᠠᠨ ᠲᠥᠯᠥᠪᠵᠢᠭᠦᠯᠵᠦ᠂ ᠪᠠᠶᠢᠷᠢᠯᠠᠭᠤᠯᠵᠤ᠂ ᠠᠬᠢᠭᠤᠯᠤᠭᠰᠠᠨ ᠴᠢᠬᠤᠯᠠ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠮᠥᠨ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠴᠢᠩᠭᠠᠳᠬᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠰᠢᠨᠵᠢᠯᠡᠬᠦ ᠤᠬᠠᠭᠠᠨᠴᠢ ᠠᠷᠭ᠎ᠠ ᠵᠠᠮ ᠮᠥᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ︽ᠬᠤᠶᠠᠷ ᠢ ᠲᠣᠭᠲᠠᠭᠠᠭᠰᠠᠨ︾ ᠶᠢ ᠦᠨᠡᠨᠴᠢ ᠰᠢᠳᠤᠷᠭᠤ ᠪᠠᠷ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠥᠨᠳᠥᠷᠴᠡ ᠠᠴᠠ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠭᠦᠨᠵᠡᠭᠡᠢ ᠣᠶᠢᠯᠠᠭᠠᠨ ᠪᠦᠬᠦ ᠲᠠᠯ᠎ᠠ ᠪᠠᠷ ᠳᠡᠯᠭᠡᠷᠡᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨᠬᠦ ᠪᠣᠳᠠᠲᠠᠢ ᠦᠢᠯᠡᠳᠦᠯᠭᠡ ᠪᠠ ᠠᠵᠢᠯ ᠤᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ  ᠢ ᠪᠦᠲᠦᠭᠡᠨ ᠪᠠᠶᠢᠭᠤᠯᠬᠤ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ᠂ ᠪᠣᠬᠢᠷ ᠤᠰᠤ ᠶᠢ ᠵᠠᠰᠠᠬᠤ ᠵᠢᠴᠢ ᠬᠥᠳᠡᠭᠡ ᠲᠣᠰᠬᠤᠨ ᠤ ᠭᠤᠣᠯᠳᠠᠯᠭ᠎ᠠ ᠲᠠᠢ ᠬᠦᠷᠢᠶᠡᠨ ᠳᠠᠬᠢ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠢᠨᠠᠷ ᠰᠠᠶᠢᠲᠠᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠬᠡᠷᠡᠭᠲᠡᠢ᠃ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠤᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠬᠦ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠵᠠᠰᠠᠮᠠᠯ ᠵᠠᠮ ᠤᠨ ᠤᠰᠤᠨ ᠳᠤ ᠡᠪᠳᠡᠭᠳᠡᠭᠰᠡᠨ ᠪᠠᠷᠢᠯᠭ᠎ᠠ ᠶᠢᠨ ᠶᠠᠰᠤ ᠴᠢᠨᠠᠷ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ ᠴᠢᠨᠠᠭᠰᠢᠳᠠ ᠴᠢᠩᠭᠠᠳᠬᠠᠵᠤ᠂ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠠᠳᠡᠯ ᠭᠠᠷᠬᠤ ᠶᠢ ᠬᠤᠷᠢᠭᠯᠠᠬᠤ ᠬᠡᠷᠡᠭᠲᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃      ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号