ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠣᠶᠢᠷ᠎ᠠ ᠳᠤ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠡᠮᠦᠷ ᠵᠠᠮ | ᠤᠨ ᠲᠤᠰᠬᠠᠢ ᠱᠤᠭᠤᠮ ᠤᠨ ᠬᠡᠷᠡᠭᠵᠢᠭᠦᠯᠬᠦ ᠲᠥᠰᠥᠯ ᠤᠨ ᠳᠤᠮᠳᠠ ᠬᠤᠭᠤᠴᠠᠭᠠᠨ ᠤ ᠦᠨᠡᠯᠡᠨ ᠵᠢᠱᠢᠭᠰᠡᠨ | ᠮᠡᠳᠡᠭᠦᠯᠦᠯᠲᠡ︾ ᠶᠢ ᠪᠠᠭᠤᠯᠭᠠᠵᠤ᠂ ᠭᠦᠭᠡᠬᠤᠲᠠ ᠶᠢᠨ 7 ᠵᠤᠷᠪᠤᠰ ᠲᠡᠮᠦᠷ ᠵᠠᠮ ᠤᠨ ᠲᠤᠰᠬᠠᠢ ᠱᠤᠭᠤᠮ ᠢ ︽ᠲᠡᠮᠦᠷ | ᠵᠠᠮ ᠤᠨ ᠲᠤᠰᠬᠠᠢ ᠱᠤᠭᠤᠮ ᠤᠨ ᠬᠡᠷᠡᠭᠵᠢᠭᠦᠯᠬᠦ ᠲᠥᠰᠥᠯ︾ ᠳᠤ ᠨᠥᠬᠦᠪᠦᠷᠢᠯᠡᠨ ᠣᠷᠣᠭᠤᠯᠤᠭᠰᠠᠨ ᠪᠠᠶᠢᠨ᠎ᠠ᠃ | ᠣᠶᠢᠯᠠᠭᠠᠭᠰᠠᠨ ᠢᠶᠠᠷ᠂ ᠲᠤᠰ ᠤᠳᠠᠭ᠎ᠠ ᠨᠥᠬᠦᠪᠦᠷᠢᠯᠡᠨ ᠣᠷᠣᠭᠤᠯᠤᠭᠰᠠᠨ ᠭᠦᠭᠡᠬᠤᠳᠠ ᠶᠢᠨ 7 ᠵᠤᠷᠪᠤᠰ | ᠲᠡᠮᠦᠷ ᠵᠠᠮ ᠤᠨ ᠲᠤᠰᠬᠠᠢ ᠱᠤᠭᠤᠮ ᠤᠨ ᠳᠣᠲᠣᠷ᠎ᠠ ᠠᠴᠠ ᠴᠢᠩ ᠱᠦᠢ ᠾᠧ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠲᠡᠮᠦᠷ ᠵᠠᠮ ᠤᠨ ᠲᠤᠰᠬᠠᠢ ᠱᠤᠭᠤᠮ᠂ ᠲᠣᠭᠲᠠᠬᠤ ᠠᠵᠤ ᠦᠢᠯᠡᠰ ᠤᠨ ᠬᠦᠷᠢᠶᠡᠯᠡᠩ | ᠲᠣᠭᠤᠷᠢᠭ ᠤᠨ ᠲᠡᠮᠦᠷ ᠵᠠᠮ ᠤᠨ ᠲᠤᠰᠬᠠᠢ ᠱᠤᠭᠤᠮ᠂ ᠲᠣᠭᠲᠠᠬᠤ ᠵᠢᠶᠠ ᠾᠧ ᠨᠡᠭᠦᠷᠡᠰᠦᠨ ᠤ ᠶᠡᠷᠦᠩᠬᠡᠶᠢᠯᠡᠭᠰᠡᠨ | ᠡᠳ᠋ ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠤᠨ ᠲᠡᠮᠦᠷ ᠵᠠᠮ ᠤᠨ ᠲᠤᠰᠬᠠᠢ ᠱᠤᠭᠤᠮ ᠵᠢᠴᠢ | ᠪᠠᠷᠠᠭᠤᠨ ᠵᠠᠯᠠᠨ ᠠᠶᠢᠯ ᠤᠨ ᠵᠢᠨᠱᠠᠨ ᠴᠠᠭᠢᠯᠭᠠᠨ ᠦᠢᠯᠡᠳᠪᠦᠷᠢ ᠶᠢᠨ ᠲᠡᠮᠦᠷ ᠵᠠᠮ ᠤᠨ ᠲᠤᠰᠬᠠᠢ ᠱᠤᠭᠤᠮ ᠤᠨ | ᠴᠢᠳᠠᠮᠵᠢ ᠶᠢ ᠥᠷᠭᠡᠳᠬᠡᠨ ᠥᠭᠡᠷᠡᠴᠢᠯᠡᠬᠦ ᠵᠡᠷᠭᠡ 4 ᠲᠥᠷᠥᠯ ᠵᠦᠢᠯ ᠢ ︽ᠲᠡᠮᠦᠷ ᠵᠠᠮ ᠤᠨ ᠲᠤᠰᠬᠠᠢ ᠱᠤᠭᠤᠮ ᠤᠨ | ᠬᠡᠷᠡᠭᠵᠢᠭᠦᠯᠬᠦ ᠲᠥᠰᠥᠯ︾ ᠤᠨ ᠲᠥᠯᠦᠪᠵᠢᠭᠦᠯᠭᠡ ᠶᠢᠨ ᠰᠤᠳᠤᠯᠭᠠᠨ ᠤ ᠲᠥᠷᠥᠯ ᠵᠦᠢᠯ ᠳᠤ ᠵᠢᠭᠰᠠᠭᠠᠨ | ᠣᠷᠣᠭᠤᠯᠵᠤ᠂ ᠱᠧᠩ ᠯᠧ ᠪᠣᠬᠢᠷᠳᠤᠯ ᠦᠭᠡᠢ ᠢᠳᠡᠭᠡᠨ ᠪᠤᠯᠪᠠᠰᠤᠷᠠᠭᠤᠯᠬᠤ ᠠᠵᠤ ᠦᠢᠯᠡᠰ ᠤᠨ ᠬᠦᠷᠢᠶᠡᠯᠡᠩ ᠤᠨ | ᠲᠡᠮᠦᠷ ᠵᠠᠮ ᠤᠨ ᠲᠤᠰᠬᠠᠢ ᠱᠤᠭᠤᠮ᠂ ᠬᠤᠷᠢᠨᠭᠡᠷ ᠰᠢᠨ᠎ᠡ ᠲᠣᠭᠤᠷᠢᠭ ᠤᠨ ᠲᠡᠮᠦᠷ ᠵᠠᠮ ᠤᠨ ᠲᠤᠰᠬᠠᠢ ᠱᠤᠭᠤᠮ᠂ | ᠭᠦᠭᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠲᠡᠮᠦᠷ ᠵᠠᠮ ᠤᠨ ᠲᠤᠰᠬᠠᠢ ᠱᠤᠭᠤᠮ ᠵᠡᠷᠭᠡ 3 | ᠲᠥᠷᠥᠯ ᠵᠦᠢᠯ ᠢ ︽ᠲᠡᠮᠦᠷ ᠵᠠᠮ ᠤᠨ ᠲᠤᠰᠬᠠᠢ ᠱᠤᠭᠤᠮ ᠤᠨ ᠬᠡᠷᠡᠭᠵᠢᠭᠦᠯᠬᠦ ᠲᠥᠰᠥᠯ︾ ᠤᠨ ᠲᠥᠯᠥᠪᠵᠢᠭᠦᠯᠦᠨ | ᠨᠥᠭᠡᠴᠡᠯᠡᠬᠦ ᠲᠥᠷᠥᠯ ᠵᠦᠢᠯ ᠳᠤ ᠣᠷᠣᠭᠤᠯᠪᠠ᠃ ᠡᠳᠡᠭᠡᠷ ᠲᠥᠷᠥᠯ ᠵᠦᠢᠯ ᠢ ᠲᠥᠯᠦᠪᠵᠢᠭᠦᠯᠭᠡ ᠳᠤ | ᠣᠷᠣᠭᠤᠯᠤᠭᠰᠠᠨ ᠤ ᠳᠠᠷᠠᠭ᠎ᠠ ᠲᠣᠭᠲᠠᠭᠠᠯ ᠶᠣᠰᠣᠭᠠᠷ ᠡᠮᠦᠨᠡᠬᠢ ᠬᠤᠭᠤᠴᠠᠭ᠎ᠠ ᠵᠢᠴᠢ ᠨᠤᠲᠠᠯᠠᠬᠤ ᠠᠵᠢᠯ ᠢ | ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ | ᠲᠥᠷᠥᠯ ᠵᠦᠢᠯ ᠤᠨ ᠠᠬᠢᠴᠠ ᠶᠢ ᠴᠢᠩᠭ᠎ᠠ ᠠᠩᠬᠠᠷᠴᠤ᠂ ᠡᠮᠦᠨᠡᠬᠢ ᠬᠤᠭᠤᠴᠠᠭᠠᠨ ᠤ ᠠᠵᠢᠯ ᠢ ᠪᠡᠶᠡᠯᠡᠭᠦᠯᠬᠦ ᠶᠢᠨ | ᠬᠠᠮᠲᠤ ᠠᠯᠢ ᠲᠦᠷᠭᠡᠨ ᠢᠶᠠᠷ ᠬᠡᠷᠡᠭᠵᠢᠭᠦᠯᠬᠦ ᠱᠠᠲᠤᠨ ᠳᠤ ᠣᠷᠣᠬᠤ ᠶᠢ ᠠᠬᠢᠭᠤᠯᠵᠤ᠂ ᠨᠡᠭᠦᠷᠡᠰᠦ ᠵᠢᠴᠢ ᠪᠤᠰᠤᠳ ᠡᠳ᠋ | ᠪᠠᠷᠠᠭᠠᠨ ᠤ ᠲᠡᠭᠡᠭᠡᠪᠦᠷᠢ ᠶᠢᠨ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠭᠦ ᠪᠣᠯᠣᠨ᠎ᠠ᠃ |