ᠦᠴᠦᠸᠠᠨ ᠰᠢᠶᠠᠨ ᠤ ᠥᠨᠳᠦᠷᠯᠢᠭ ᠤᠨ ᠣᠨᠴᠠᠯᠢᠭᠲᠤ ᠪᠦᠲᠦᠭᠡᠭᠳᠡᠬᠦᠨ ︽ᠪᠡᠭᠡᠵᠢᠩ ᠥᠪᠥᠷ ᠮᠣᠩᠭᠤᠯ ᠤᠨ ᠵᠠᠭᠤᠨ ᠠᠵᠤ ᠠᠬᠤᠶᠢᠯᠠᠯ ᠤᠨ ᠨᠥᠬᠦᠷᠯᠡᠯ  ᠠᠯᠲᠠᠨ ᠨᠠᠮᠤᠷ ᠤᠨ ᠪᠡᠭᠡᠵᠢᠩ ᠤᠨ ᠠᠶᠠᠯᠠᠯ︾ ᠤᠨ ᠠᠵᠤ ᠦᠢᠯᠡᠰ ᠢ ᠵᠣᠯᠭᠠᠭᠤᠯᠬᠤ ᠶᠡᠭᠡ ᠬᠤᠷᠠᠯ ᠳᠤ ᠭᠡᠷ᠎ᠡ ᠲᠣᠭᠲᠠᠪᠠ
ᠨᠡᠶᠢᠲᠡᠯᠡᠭᠰᠡᠨ ᠴᠠᠭ᠄
2023/10/16
     10 ᠳ᠋ᠤᠭᠠᠷ ᠰᠠᠷ᠎ᠠ ᠶᠢᠨ 12 ᠤᠨ ᠡᠳᠦᠷ ᠠᠴᠠ 13 ᠤ ᠡᠳᠦᠷ ᠪᠣᠯᠲᠠᠯ᠎ᠠ᠂ ᠪᠡᠭᠡᠵᠢᠩ ᠬᠤᠲᠠ ᠶᠢᠨ ᠲᠤᠰᠠᠯᠠᠨ ᠳᠡᠮᠵᠢᠬᠦ ᠬᠠᠮᠲᠤᠷᠠᠯᠴᠠᠭᠠᠨ ᠤ ᠠᠯᠪᠠᠨ ᠭᠡᠷ ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠡᠭᠡᠵᠢᠩ ᠬᠤᠲᠠ ᠳᠤ ︽ᠪᠡᠭᠡᠵᠢᠩ ᠮᠣᠩᠭᠤᠯ ᠤᠨ ᠵᠠᠭᠤᠨ ᠠᠵᠤ ᠠᠬᠤᠶᠢᠯᠠᠯ ᠤᠨ ᠨᠥᠬᠦᠷᠯᠡᠯ  ᠠᠯᠲᠠᠨ ᠨᠠᠮᠤᠷ ᠤᠨ ᠪᠡᠭᠡᠵᠢᠩ ᠤᠨ ᠠᠶᠠᠯᠠᠯ︾ ᠤᠨ 2023 ᠣᠨ ᠤ ᠪᠡᠭᠡᠵᠢᠩ ᠥᠪᠥᠷ ᠮᠣᠩᠭᠤᠯ ᠤᠨ ᠠᠵᠤ ᠦᠢᠯᠡᠰ ᠢ ᠵᠣᠯᠭᠠᠭᠤᠯᠬᠤ ᠶᠡᠭᠡ ᠬᠤᠷᠠᠯ ᠢ ᠬᠠᠮᠲᠤᠷᠠᠨ ᠡᠷᠭᠢᠯᠡᠪᠡ᠃
     ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠣᠨ᠎ᠠ᠃ ᠣᠶᠢᠷ᠎ᠠ ᠶᠢᠨ ᠵᠢᠯ ᠳᠤ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠬᠢᠨ ᠠᠵᠤ ᠦᠢᠯᠡᠰ ᠤᠨ ᠬᠠᠮᠵᠢᠯᠴᠠᠭ᠎ᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ︽ᠬᠤᠶᠠᠷ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠦᠷᠭᠦᠯᠵᠢᠯᠡᠨ ᠬᠦᠴᠦᠯᠡᠵᠦ᠂ ᠪᠡᠭᠡᠵᠢᠩ ᠥᠪᠥᠷ ᠮᠣᠩᠭᠤᠯ ᠤᠨ ᠠᠵᠤ ᠦᠢᠯᠡᠰ ᠤᠨ ᠪᠦᠬᠦ ᠲᠠᠯ᠎ᠠ ᠶᠢᠨ ᠵᠣᠯᠭᠠᠯᠴᠠᠭ᠎ᠠ ᠶᠢᠨ ᠲᠠᠪᠴᠠᠩ ᠢ ᠪᠠᠶᠢᠭᠤᠯᠪᠠ᠃ ᠲᠠᠪᠤᠨ ᠵᠢᠯ ᠤᠨ ᠲᠤᠷᠰᠢ᠂ ᠬᠤᠶᠠᠷ ᠭᠠᠵᠠᠷ ᠤᠨ ᠬᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠨᠡᠶᠢᠲᠡ 606᠂ ᠴᠡᠪᠡᠷ ᠡᠨᠧᠷᠭᠢ ᠶᠢᠨ ᠰᠠᠭᠤᠷᠢᠨ ᠭᠠᠵᠠᠷ 71᠂ ᠠᠵᠤ ᠦᠢᠯᠡᠰ ᠤᠨ ᠬᠦᠷᠢᠶᠡᠯᠡᠩ ᠲᠣᠭᠤᠷᠢᠭ 71 ᠶᠢ ᠬᠠᠮᠲᠤ ᠪᠠᠷ ᠪᠠᠶᠢᠭᠤᠯᠵᠤ᠂ ᠪᠡᠭᠡᠵᠢᠩ ᠬᠤᠲᠠ ᠶᠢᠨ 282 ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠨᠤᠲᠤᠭᠰᠢᠭᠤᠯᠵᠤ᠂ ᠬᠤᠶᠠᠷ ᠭᠠᠵᠠᠷ ᠤᠨ ᠠᠵᠤ ᠦᠢᠯᠡᠰ ᠤᠨ ᠬᠠᠮᠵᠢᠯᠴᠠᠭ᠎ᠠ ᠶᠢ ᠨᠠᠩ ᠥᠨᠳᠥᠷ ᠲᠦᠪᠰᠢᠨ᠂ ᠨᠠᠩ ᠭᠦᠨ ᠲᠠᠰ ᠳᠠᠪᠬᠤᠷᠭ᠎ᠠ᠂ ᠨᠠᠩ ᠥᠷᠭᠡᠨ ᠬᠦᠷᠢᠶ᠎ᠡ ᠴᠠᠷᠠᠭ᠎ᠠ ᠳᠠᠰᠢ ᠬᠦᠴᠦᠯᠡᠨ ᠥᠷᠭᠡᠳᠬᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠰᠢᠨ᠎ᠡ ᠬᠥᠳᠡᠯᠭᠡᠬᠦ ᠬᠦᠴᠦᠨ ᠢ ᠬᠤᠷᠠᠮᠳᠤᠭᠤᠯᠤᠨ᠂ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠭᠰᠡᠨ ᠪᠠᠶᠢᠨ᠎ᠠ᠃
     ︽ᠪᠡᠭᠡᠵᠢᠩ ᠥᠪᠥᠷ ᠮᠣᠩᠭᠤᠯ ᠤᠨ ᠵᠠᠭᠤᠨ ᠠᠵᠤ ᠠᠬᠤᠶᠢᠯᠠᠯ ᠤᠨ ᠨᠥᠬᠦᠷᠯᠡᠯ  ᠠᠯᠲᠠᠨ ᠨᠠᠮᠤᠷ ᠤᠨ ᠪᠡᠭᠡᠵᠢᠩ ᠤᠨ ᠠᠶᠠᠯᠠᠯ︾ ᠨᠢ ᠡᠨᠡ ᠵᠢᠯ ᠤᠨ ᠠᠵᠤ ᠦᠢᠯᠡᠰ ᠢ ᠵᠣᠯᠭᠠᠭᠤᠯᠬᠤ ᠰᠢᠷᠢᠰ ᠠᠵᠢᠯᠯᠠᠭ᠎ᠠ ᠶᠢᠨ ᠲᠡᠭᠦᠰᠬᠡᠯ ᠪᠣᠯᠤᠭᠰᠠᠨ ᠤ ᠬᠤᠪᠢ ᠳᠤ᠂ ᠬᠤᠶᠠᠷ ᠭᠠᠵᠠᠷ ᠤᠨ 60 ᠭᠠᠷᠤᠢ ᠠᠵᠤ ᠠᠬᠤᠶᠢᠯᠠᠯ ᠭᠡᠷ᠎ᠡ ᠲᠣᠭᠲᠠᠬᠤ ᠳᠤ ᠣᠷᠣᠯᠴᠠᠵᠤ᠂ ᠲᠤᠬᠠᠢ ᠶᠢᠨ ᠲᠠᠯᠠᠪᠤᠷ ᠲᠤ ᠭᠡᠷ᠎ᠡ ᠲᠣᠭᠲᠠᠭᠰᠠᠨ ᠲᠤᠭ᠎ᠠ ᠨᠢ 908 ᠳ᠋ᠦᠩᠰᠢᠭᠤᠷ ᠲᠥᠭᠦᠷᠢᠭ ᠲᠤ ᠬᠦᠷᠴᠦ᠂ ᠡᠨᠧᠷᠭᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠣᠯᠪᠠᠰᠤᠷᠠᠭᠤᠯᠤᠯᠲᠠ᠂ ᠰᠣᠶᠣᠯ ᠤᠨ ᠵᠢᠭᠤᠯᠴᠢᠯᠠᠯ᠂ ᠬᠡᠷᠡᠭᠯᠡᠭᠡᠨ ᠤ ᠭᠦᠢᠯᠭᠡᠭᠡ ᠵᠡᠷᠭᠡ ᠣᠯᠠᠨ ᠬᠦᠷᠢᠶᠡᠨ ᠳᠤ ᠬᠤᠯᠪᠣᠭᠳᠠᠨ᠎ᠠ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠥᠪᠡᠷᠮᠢᠴᠡ ᠡᠬᠢ ᠪᠠᠶᠠᠯᠢᠭ ᠤᠨ ᠳᠠᠪᠠᠭᠤᠯᠢᠭ᠂ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ ᠨᠥᠭᠦᠴᠡᠯ ᠪᠠ ᠪᠡᠭᠡᠵᠢᠩ ᠥᠪᠥᠷ ᠮᠣᠩᠭᠤᠯ ᠤᠨ ᠠᠵᠤ ᠦᠢᠯᠡᠰ ᠢ ᠵᠣᠯᠭᠠᠭᠤᠯᠬᠤ ᠲᠠᠪᠴᠠᠩ ᠢ ᠲᠠᠨᠢᠯᠴᠠᠭᠤᠯᠬᠤ ᠪᠠᠷ ᠳᠡᠮᠵᠢᠨ᠂ ᠪᠡᠭᠡᠵᠢᠩ ᠥᠪᠥᠷ ᠮᠣᠩᠭᠤᠯ ᠤᠨ ᠠᠵᠤ ᠦᠢᠯᠡᠰ ᠤᠨ ᠬᠠᠮᠵᠢᠯᠴᠠᠭ᠎ᠠ ᠶᠢᠨ ᠰᠠᠷᠠᠭᠤᠯ ᠠᠭᠤᠳᠠᠮ ᠠᠯᠤᠰ ᠢᠷᠡᠭᠡᠳᠦᠢ ᠪᠠ ᠶᠡᠭᠡ ᠦᠢᠯᠡᠰ ᠢ ᠪᠦᠲᠦᠭᠡᠬᠦ ᠣᠷᠣᠨ ᠵᠠᠢ ᠶᠢ ᠭᠦᠢᠴᠡᠳ ᠳᠡᠯᠭᠡᠨ ᠦᠵᠡᠭᠦᠯᠵᠦ᠂ ᠬᠤᠷᠠᠯ ᠳᠤ ᠣᠷᠣᠯᠴᠠᠭᠰᠠᠳ ᠤᠨ ᠬᠠᠮᠲᠤ ᠶᠢᠨ ᠰᠠᠶᠢᠨ ᠦᠨᠡᠯᠡᠯᠲᠡ ᠶᠢ ᠣᠯᠪᠠ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠠᠵᠤ ᠠᠬᠤᠶᠢᠯᠠᠯ ᠤᠳ ᠢᠯᠡᠷᠬᠡᠶᠢᠯᠡᠬᠦ ᠳᠡᠭᠡᠨ᠂ ᠡᠨᠡ ᠪᠣᠯ ᠨᠢᠭᠡ ᠤᠳᠠᠭᠠᠨ ᠤ ᠣᠯᠳᠠᠰᠢ ᠦᠭᠡᠢ ᠳᠡᠯᠭᠡᠨ ᠦᠵᠡᠭᠦᠯᠬᠦ ᠲᠣᠬᠢᠶᠠᠯ ᠮᠥᠨ᠂ ᠡᠨᠡ ᠨᠢ ᠭᠠᠵᠠᠷ ᠣᠷᠣᠨ ᠪᠠ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠢ ᠳᠡᠭᠡᠭᠰᠢᠯᠡᠭᠦᠯᠵᠦ᠂ ᠰᠢᠨ᠎ᠡ ᠱᠠᠲᠤᠨ ᠳᠤ ᠣᠯᠠᠨ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ᠂ ᠪᠥᠬᠦ ᠬᠦᠷᠢᠶᠡᠨ ᠳᠤ ᠬᠠᠮᠵᠢᠯᠴᠠᠬᠤ᠂ ᠨᠠᠷᠢᠯᠢᠭᠵᠢᠭᠤᠯᠤᠨ ᠵᠣᠯᠭᠠᠭᠤᠯᠬᠤ᠂ ᠪᠠᠶᠢᠩᠭᠤᠵᠢᠭᠤᠯᠤᠨ ᠠᠬᠢᠭᠤᠯᠬᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠢᠨ᠎ᠡ ᠬᠠᠭᠤᠳᠠᠰᠤ ᠶᠢ ᠨᠡᠭᠡᠭᠡᠭᠰᠡᠨ ᠪᠠᠶᠢᠨ᠎ᠠ ᠭᠡᠵᠡᠢ᠃
     ᠦᠴᠦᠸᠠᠨ ᠰᠢᠶᠠᠨ ᠨᠢ ᠬᠥᠬᠡᠬᠤᠲᠠ ᠶᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠴᠢᠬᠤᠯᠠ ᠭᠠᠵᠠᠷ ᠣᠷᠣᠨ ᠪᠣᠯᠤᠭᠰᠠᠨ ᠤ ᠬᠤᠪᠢ ᠳᠤ᠂ ᠪᠡᠭᠡᠵᠢᠩ ᠤᠨ ᠮᠧᠨ ᠲᠧᠦ ᠭᠧᠦ ᠲᠣᠭᠤᠷᠢᠭ ᠤᠨ ᠠᠵᠤ ᠦᠢᠯᠡᠰ ᠲᠠᠢ ᠵᠣᠯᠭᠠᠭᠤᠯᠬᠤ ᠪᠠ ᠬᠠᠮᠵᠢᠯᠴᠠᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠪᠠ᠃ ᠲᠤᠰ ᠤᠳᠠᠭᠠᠨ ᠤ ᠪᠡᠭᠡᠵᠢᠩ ᠥᠪᠥᠷ ᠮᠣᠩᠭᠤᠯ ᠤᠨ ᠠᠵᠤ ᠦᠢᠯᠡᠰ ᠢ ᠵᠣᠯᠭᠠᠭᠤᠯᠬᠤ ᠶᠡᠭᠡ ᠬᠤᠷᠠᠯ ᠳᠡᠭᠡᠷ᠎ᠡ᠂ ᠦᠴᠦᠸᠠᠨ ᠰᠢᠶᠠᠨ ᠤ ᠳᠡᠳ᠋ ᠳᠠᠷᠤᠭ᠎ᠠ ᠷᠦᠩ ᠱᠢ ᠱᠧᠩ᠂ ᠮᠧᠨ ᠲᠧᠦ ᠭᠧᠦ ᠲᠣᠭᠤᠷᠢᠭ ᠤᠨ ᠯᠢᠩ ᠱᠠᠨ ᠯᠢᠤᠢ ᠴᠠᠨ ᠺᠣᠮᠫᠠᠨᠢ ᠶᠢᠨ ᠶᠡᠷᠦᠩᠬᠡᠢ ᠳᠠᠭᠠᠭᠠᠮᠠᠯ ᠸᠠᠩ ᠬᠤᠩ᠂ ᠶᠠᠨ ᠭᠦ᠋ ᠹᠠᠩ ᠪᠦᠯᠦᠭᠯᠡᠯ ᠤᠨ ᠪᠡᠭᠡᠵᠢᠩ ᠺᠣᠮᠫᠠᠨᠢ ᠶᠢᠨ ᠶᠡᠷᠦᠩᠬᠡᠢ ᠳᠠᠭᠠᠭᠠᠮᠠᠯ ᠰᠢᠦᠢ ᠶᠠᠨ ᠪᠣᠯᠣᠨ ᠵᠦᠩ ᠨᠥᠩ ᠶᠤᠸᠠᠨ ᠶᠠᠩ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠫᠧᠩ ᠴᠧᠩ ᠦᠴᠦᠸᠠᠨ ᠤ ᠥᠨᠳᠦᠷᠯᠢᠭ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠬᠤᠳᠠᠯᠳᠤᠨ ᠠᠪᠬᠤ ᠭᠡᠷ᠎ᠡ ᠲᠣᠭᠲᠠᠵᠤ᠂ ᠦᠴᠦᠸᠠᠨ ᠤ ᠥᠨᠳᠦᠷᠯᠢᠭ ᠤᠨ ᠣᠨᠴᠠᠯᠢᠭᠲᠤ ᠪᠦᠲᠦᠭᠡᠭᠳᠡᠬᠦᠨ ᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠᠷ ᠳᠠᠮᠵᠢᠭᠤᠯᠵᠤ᠂ ᠪᠡᠭᠡᠵᠢᠩ ᠲᠢᠶᠠᠨᠵᠢᠨ ᠡᡁᠥᠪᠸᠢ ᠶᠢᠨ ᠣᠷᠣᠨ ᠪᠦᠰᠡ ᠶᠢᠨ ᠵᠠᠬ᠎ᠠ ᠳᠡᠯᠭᠡᠭᠦᠷ ᠢ ᠦᠷᠭᠦᠯᠵᠢᠯᠡᠨ ᠨᠡᠭᠡᠭᠡᠬᠦ ᠶᠢ ᠠᠬᠢᠭᠤᠯᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号