ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ 2023 ᠣᠨ ᠤ 10 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/16
     10 ᠰᠠᠷ᠎ᠠ ᠶᠢᠨ 11 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 10 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ 2 ᠳ᠋ᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ᠢ ᠤᠯᠠᠮᠵᠢᠯᠠᠨ ᠰᠤᠷᠤᠯᠴᠠᠵᠤ᠂ ᠰᠦᠨ ᠱᠣᠸ ᠴᠧᠩ ᠱᠦᠵᠢ ᠶᠢᠨ ᠬᠢᠩᠭᠠᠨ ᠠᠶᠢᠮᠠᠭ ᠵᠢᠴᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠲᠦᠴᠢᠦᠸᠠᠨ ᠰᠢᠶᠠᠨ᠂ ᠵᠠᠯᠠᠶᠢᠳ ᠬᠤᠰᠢᠭᠤᠨ ᠤ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠵᠢᠯᠤᠭᠤᠳᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠵᠣᠭᠰᠣᠴᠠ ᠪᠣᠯᠣᠨ ᠤᠯᠤᠰ ᠲᠦᠷᠦ ᠶᠢᠨ ᠤᠬᠠᠮᠰᠠᠷ ᠢᠶᠠᠷ ᠭᠤᠣᠯ ᠰᠡᠳᠦᠪᠲᠦ ᠬᠥᠮᠦᠵᠢᠯ ᠤᠨ ᠠᠵᠢᠯ ᠢ ᠰᠠᠶᠢᠲᠤᠷ ᠠᠳᠬᠤᠵᠤ᠂ ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠵᠦ᠂ ᠥᠨᠳᠥᠷ ᠭᠠᠷᠤᠭ᠎ᠠ ᠲᠠᠢ ᠪᠠᠷ ᠠᠬᠢᠭᠤᠯᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ︽ᠲᠦᠷᠦᠭᠦᠦ︾ ᠶᠢ ᠰᠠᠶᠢᠲᠤᠷ ᠡᠬᠢᠯᠡᠭᠦᠯᠵᠦ᠂ ᠭᠤᠣᠯ ᠰᠡᠳᠦᠪᠲᠦ ᠬᠥᠮᠦᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠢ᠃ ᠲᠥᠯᠥᠪᠯᠡᠭᠡ ᠲᠠᠢ ᠠᠯᠬᠤᠮ ᠳᠠᠷᠠᠭ᠎ᠠ ᠲᠠᠢ ᠪᠠᠷ ᠤᠭ ᠵᠣᠬᠢᠶᠠᠯ ᠢ ᠤᠩᠰᠢᠵᠤ᠂ ᠤᠭ ᠵᠣᠬᠢᠶᠠᠯ ᠢ ᠰᠤᠷᠤᠯᠴᠠᠵᠤ᠂ ᠤᠭ ᠶᠣᠰᠣ ᠶᠢ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠲᠤᠰᠬᠠᠢ ᠰᠡᠳᠦᠪ ᠪᠣᠯᠭᠠᠨ ᠰᠤᠷᠤᠯᠴᠠᠬᠤ ᠬᠡᠷᠡᠭᠲᠡᠢ᠃ ︽ᠳᠠᠪᠠᠭᠤᠯᠢᠭ ᠢᠶᠠᠨ ᠪᠠᠳᠠᠷᠠᠭᠤᠯᠬᠤ᠂ ᠵᠥᠷᠢᠶ᠎ᠡ ᠪᠠᠨ ᠡᠷᠢᠬᠦ᠂ ᠬᠥᠭᠵᠢᠯᠲᠡ ᠶᠢ ᠠᠬᠢᠭᠤᠯᠬᠤ︾ ᠲᠤᠰᠬᠠᠢ ᠰᠡᠳᠦᠪᠲᠦ ᠰᠤᠷᠤᠯᠴᠠᠵᠤ ᠰᠤᠳᠤᠯᠤᠨ ᠶᠠᠷᠢᠯᠴᠠᠬᠤ ᠪᠠ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠰᠠᠶᠢᠲᠤᠷ ᠥᠷᠨᠢᠭᠦᠯᠵᠦ᠂ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠭᠤᠣᠯ ᠰᠡᠳᠦᠪᠲᠦ ᠬᠥᠮᠦᠵᠢᠯ ᠢᠶᠠᠷ ᠠᠵᠤ ᠠᠬᠤᠢ ᠨᠡᠶᠢᠭᠡᠮ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠭᠤᠣᠯ ᠰᠡᠳᠦᠪᠲᠦ ᠬᠥᠮᠦᠵᠢᠯ ᠢ ᠭᠤᠣᠯ ᠠᠵᠢᠯ ᠲᠠᠢ ᠤᠶᠠᠯᠳᠤᠭᠤᠯᠤᠨ᠂ ᠬᠤᠶᠠᠷ ᠲᠠᠯ᠎ᠠ ᠶᠢ ᠠᠳᠬᠤᠬᠤ᠂ ᠬᠤᠶᠠᠷ ᠢ ᠠᠬᠢᠭᠤᠯᠬᠤ ᠶᠢ ᠪᠠᠷᠢᠮᠲᠠᠯᠠᠵᠤ᠂ ᠡᠯ᠎ᠡ ᠲᠠᠯ᠎ᠠ ᠶᠢᠨ ᠠᠵᠢᠯ ᠤᠨ ᠰᠢᠨ᠎ᠡ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠪᠠᠶᠢᠷᠢᠯᠠᠭᠤᠯᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号