︽ᠭᠦᠭᠡᠬᠤᠲᠠ ᠶᠢᠨ ᠮᠡᠯᠮᠡᠢ︾ ᠬᠡᠮᠡᠭᠳᠡᠭᠰᠡᠨ ᠭᠦᠭᠡᠬᠤᠲᠠ ᠶᠢᠨ ᠰᠣᠶᠣᠯ ᠤᠨ ᠵᠣᠴᠢᠯᠠᠬᠤ ᠲᠢᠩᠬᠢᠮ ᠠᠵᠢᠯ ᠢᠶᠠᠨ ᠰᠡᠷᠭᠦᠭᠡᠬᠦ ᠪᠡᠯᠡᠳᠬᠡᠯ ᠠᠵᠢᠯ ᠬᠢᠵᠦ ᠪᠠᠶᠢᠨ᠎ᠠ
ᠨᠡᠶᠢᠲᠡᠯᠡᠭᠰᠡᠨ ᠴᠠᠭ᠄
2023/10/16
     ︽ᠭᠦᠭᠡᠬᠤᠲᠠ ᠶᠢᠨ ᠮᠡᠯᠮᠡᠢ︾ ᠬᠡᠮᠡᠭᠳᠡᠭᠰᠡᠨ ᠭᠦᠭᠡᠬᠤᠲᠠ ᠶᠢᠨ ᠰᠣᠶᠣᠯ ᠤᠨ ᠵᠣᠴᠢᠯᠠᠬᠤ ᠲᠢᠩᠬᠢᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠣᠳᠣᠬᠠᠨ ᠳᠤ ᠶᠠᠭ ᠠᠵᠢᠯ ᠢᠶᠠᠨ ᠰᠡᠷᠭᠦᠭᠡᠬᠦ ᠪᠡᠯᠡᠳᠬᠡᠯ ᠠᠵᠢᠯ ᠢ ᠬᠢᠵᠦ ᠪᠤᠶ᠂ ᠵᠢᠱᠢᠯᠲᠡ ᠪᠠᠷ 10 ᠰᠠᠷ᠎ᠠ ᠶᠢᠨ ᠳᠤᠮᠳᠠᠴᠢ ᠪᠠᠷ ᠡᠮᠬᠢ ᠳᠠᠷᠠᠭ᠎ᠠ ᠲᠠᠢ ᠪᠠᠷ ᠪᠠᠷᠢᠯᠭ᠎ᠠ ᠶᠢᠨ ᠠᠵᠢᠯ ᠢᠶᠠᠨ ᠰᠡᠷᠭᠦᠭᠡᠬᠦ ᠪᠣᠯᠣᠨ᠎ᠠ᠃
     ᠲᠣᠰ ᠲᠥᠷᠥᠯ ᠵᠦᠢᠯ ᠤᠨ 2023 ᠣᠨ ᠤ ᠪᠠᠷᠢᠯᠭ᠎ᠠ ᠶᠢᠨ ᠲᠥᠯᠥᠪᠯᠡᠭᠡ ᠨᠢ ᠭᠤᠣᠯᠳᠠᠭᠤ ᠲᠤᠬᠠᠢ ᠶᠢᠨ ᠲᠠᠯᠠᠪᠠᠶ ᠶᠢ ᠴᠡᠪᠡᠷᠯᠡᠬᠦ᠂ ᠬᠥᠰᠢᠭᠡᠲᠦ ᠬᠠᠨ᠎ᠠ ᠶᠢᠨ ᠵᠢᠪᠡ ᠶᠢ ᠠᠷᠢᠯᠭᠠᠬᠤ ᠪᠠ ᠤᠭᠰᠠᠷᠠᠬᠤ᠂ ᠤᠰᠤ ᠶᠢ ᠰᠡᠷᠭᠡᠶᠢᠯᠡᠬᠦ ᠵᠡᠷᠭᠡ ᠵᠠᠰᠠᠨ ᠰᠡᠷᠭᠦᠭᠡᠬᠦ ᠪᠠ ᠪᠠᠲᠤᠯᠠᠭ᠎ᠠ ᠶᠢᠨ ᠴᠢᠨᠠᠷᠲᠠᠢ ᠠᠵᠢᠯ ᠤᠳ ᠪᠣᠯᠣᠨ᠎ᠠ᠃ ᠡᠨᠡ ᠨᠢ ᠭᠦᠭᠡᠬᠤᠲᠠ   ᠶᠢᠨ  ᠥᠪᠡᠷᠲᠡᠭᠡᠨ ᠵᠠᠰᠠᠬᠤ ᠣᠷᠣᠨ ᠤ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠶᠢ ᠲᠤᠭᠤᠰᠢᠯᠠᠭᠤᠯᠬᠤ ᠠᠵᠢᠯᠯᠠᠭ᠎ᠠ᠂ ᠪᠦᠲᠦᠭᠡᠨ ᠪᠠᠶᠢᠭᠤᠯᠤᠯᠲᠠ ᠶᠢᠨ ᠨᠢᠭᠡᠴᠢ ᠶᠢᠨ ︽ᠬᠠᠭᠠᠰ ᠳᠤᠲᠠᠭᠤ ᠤᠷᠭᠢᠬᠰᠠᠨ︾ ᠲᠥᠷᠥᠯ  ᠵᠦᠢᠯ ᠢ ᠰᠡᠷᠭᠦᠭᠡᠬᠦ ᠶᠢ ᠨᠠᠶᠢᠳᠠᠪᠤᠷᠢᠵᠢᠭᠤᠯᠤᠨ ᠠᠬᠢᠭᠤᠯᠤᠭᠰᠠᠨ ᠠᠩᠬ᠎ᠠ ᠠᠯᠬᠤᠮ ᠤᠨ ᠦᠷ᠎ᠡ ᠪᠦᠲᠦᠭᠡᠯ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号