ᠰᠠᠯᠪᠤᠷᠢ ᠠᠭᠤᠰᠬᠢᠨ ᠦᠷᠪᠢᠰᠦᠯ ᠳᠤ ᠨᠡᠷᠪᠡᠭᠳᠡᠵᠦ ᠪᠠᠶᠢᠭ᠎ᠠ ᠬᠡᠦᠬᠡᠳ ᠣᠯᠠᠰᠢᠷᠠᠪᠠ
ᠨᠡᠶᠢᠲᠡᠯᠡᠭᠰᠡᠨ ᠴᠠᠭ᠄
2023/10/16
     ᠣᠶᠢᠷ᠎ᠠ  ᠳᠤ᠂ ᠮᠠᠨ ᠤ ᠤᠯᠤᠰ  ᠤᠨ ᠣᠯᠠᠨ ᠭᠠᠵᠠᠷ ᠲᠤ ᠠᠩᠬᠠᠨ ᠤ  ᠪᠡᠶᠡᠳᠦ ᠰᠠᠯᠪᠤᠷᠢ ᠠᠭᠤᠰᠬᠢᠨ  ᠦᠷᠪᠢᠰᠦᠯ ᠬᠡᠴᠡᠬᠦᠳᠡᠵᠦ᠂  ᠬᠦᠮᠦᠰ ᠤᠨ ᠠᠩᠬᠠᠷᠣᠯ ᠳᠤ ᠣᠷᠣᠯ᠎ᠠ᠃        ᠠᠩᠬᠠᠨ ᠤ ᠪᠡᠶᠡᠳᠦ ᠰᠠᠯᠪᠤᠷᠢ ᠠᠭᠤᠰᠬᠢᠨ ᠦᠷᠪᠢᠰᠦᠯ ᠪᠣᠯ ᠲᠦᠷᠭᠡᠨ ᠴᠢᠨᠠᠷᠲᠠᠢ ᠠᠭᠤᠰᠬᠢᠨ ᠤ ᠬᠡᠰᠡᠭ ᠤᠨ ᠬᠠᠯᠳᠠᠪᠤᠷᠢᠯᠠᠯ ᠤᠨ ᠴᠢᠨᠠᠷᠲᠠᠢ ᠡᠪᠡᠳᠴᠢᠨ ᠪᠠᠶᠢᠵᠦ᠂ ᠮᠠᠨ ᠤ ᠤᠯᠤᠰ ᠤᠨ 5 ᠨᠠᠰᠤᠨ ᠠᠴᠠ ᠳᠡᠭᠡᠭᠰᠢᠬᠢ ᠬᠡᠦᠬᠡᠳ ᠤᠳ ᠲᠤ ᠢᠯᠡᠬᠦᠦ ᠬᠠᠯᠳᠠᠪᠤᠷᠢᠯᠠᠳᠠᠭ ᠠᠭᠤᠰᠬᠢᠨ ᠤ ᠦᠷᠪᠢᠰᠦᠯ ᠮᠥᠨ᠃ ᠪᠦᠬᠦ ᠳᠡᠯᠡᠬᠡᠢ ᠶᠢᠨ ᠬᠡᠪᠴᠢᠶᠡᠨ ᠳᠤ ᠥᠷᠭᠡᠨ ᠳᠡᠯᠬᠡᠷᠡᠵᠦ᠂ ᠪᠠᠷᠤᠭ 3 ~ 7 ᠵᠢᠯ ᠳᠤ ᠨᠢᠭᠡ ᠤᠳᠠᠭ᠎ᠠ ᠭᠠᠵᠠᠷ ᠣᠷᠣᠨ ᠤ ᠴᠢᠨᠠᠷᠲᠠᠢ ᠳᠡᠯᠭᠡᠷᠡᠳᠡᠭ ᠶᠤᠮ ᠪᠠᠶᠢᠨ᠎ᠠ᠃      ᠲᠤᠰᠬᠠᠢ ᠮᠡᠷᠭᠡᠵᠢᠯᠲᠡᠨ ᠤ ᠲᠠᠨᠢᠯᠴᠠᠭᠤᠯᠤᠭᠰᠠᠨ ᠢᠶᠠᠷ᠂ ᠠᠭᠤᠰᠬᠢᠨ ᠦᠷᠪᠢᠰᠦᠯ ᠢ ᠡᠭᠦᠰᠬᠡᠭᠰᠡᠨ ᠡᠪᠡᠳᠴᠢᠨ ᠡᠭᠦᠰᠬᠡᠭᠴᠢ ᠶᠡᠷᠦ ᠳᠡᠭᠡᠨ ᠪᠦᠷ ᠤᠯᠠᠷᠢᠯ  ᠤᠨ ᠴᠢᠨᠠᠷᠳᠠᠢ ᠲᠠᠢ ᠪᠠᠶᠢᠳᠠᠭ᠂ ᠠᠩᠬᠠᠨ ᠤ ᠰᠠᠯᠪᠤᠷᠢ ᠪᠡᠶᠡᠲᠦ ᠠᠭᠤᠰᠬᠢᠨ ᠦᠷᠪᠢᠰᠦᠯ ᠨᠢ ᠣᠶᠢᠷ᠎ᠠ ᠶᠢᠨ ᠬᠤᠶᠠᠷ ᠵᠢᠯ ᠳᠤ᠂ ᠢᠯᠠᠩᠭᠤᠶ᠎ᠠ ᠡᠨᠡ ᠵᠢᠯ ᠮᠠᠨ ᠤ ᠤᠯᠤᠰ ᠤᠨ ᠵᠠᠷᠢᠮ ᠭᠠᠵᠠᠷ ᠣᠷᠣᠨ ᠳᠤ ᠳᠡᠯᠭᠡᠷᠡᠵᠦ ᠪᠠᠶᠢᠭ᠎ᠠ ᠪᠤᠯᠪᠠᠴᠦ᠂ ᠴᠥᠭᠡᠨ ᠲᠣᠭᠠᠨ ᠤ ᠭᠡᠷ ᠪᠦᠯᠢ ᠪᠤᠶᠤ  ᠰᠣᠷᠭᠠᠭᠤᠯᠢ ᠳᠤ ᠳᠡᠯᠭᠡᠷᠡᠬᠦ ᠪᠠᠶᠢᠳᠠᠯ ᠭᠠᠷᠳᠠᠭ᠂ ᠭᠡᠪᠡᠴᠦ ᠲᠡᠷᠡ ᠨᠢ ᠬᠠᠯᠳᠠᠪᠤᠷᠢᠲᠤ ᠡᠪᠡᠳᠴᠢᠨ ᠳᠤ ᠲᠣᠭᠠᠴᠠᠭᠳᠠᠬᠤ ᠦᠭᠡᠢ᠂ ᠰᠢᠨ᠎ᠡ ᠺᠤᠷᠤᠨᠠ ᠰᠢᠭ᠋  ᠬᠠᠯᠳᠠᠪᠤᠷᠢᠳᠦ ᠴᠢᠨᠠᠷ ᠦᠭᠡᠢ ᠶᠤᠮ᠃      ᠥᠩᠭᠡᠷᠡᠭᠰᠡᠨ ᠵᠢᠯ ᠤᠳ ᠲᠠᠢ ᠬᠠᠷᠢᠴᠠᠭᠤᠯᠪᠠᠯ ᠡᠨᠡ ᠵᠢᠯ ᠮᠠᠨ ᠤ ᠤᠯᠤᠰ ᠤᠨ  ᠠᠩᠬᠠᠨ ᠤ ᠪᠡᠶᠡᠳᠦ ᠰᠠᠯᠪᠤᠷᠢ ᠠᠭᠤᠰᠬᠢᠨ ᠦᠷᠪᠢᠰᠦᠯ ᠵᠠᠯᠠᠭᠤ ᠪᠠᠭᠠᠴᠤᠳ ᠲᠤ ᠭᠤᠤᠯᠳᠠᠭᠤ ᠳᠦᠪᠯᠡᠷᠡᠵᠦ᠂ 3 ᠬᠦᠷᠦᠬᠡ ᠦᠬᠡᠢ ᠨᠢᠯᠬ᠎ᠠ ᠬᠡᠦᠬᠡᠳ ᠴᠦ ᠡᠪᠡᠳᠴᠢᠯᠡᠵᠦ ᠪᠠᠶᠢᠭ᠎ᠠ ᠪᠤᠯᠬᠤᠷ᠂ ᠡᠪᠡᠳᠴᠢᠨ ᠤ ᠢᠯᠡᠷᠡᠯ ᠭᠠᠷᠪᠠᠯ ᠴᠠᠭ ᠲᠤᠬᠠᠢ ᠳᠤᠨᠢ ᠡᠮᠨᠡᠭᠦᠯᠬᠦ ᠬᠡᠷᠡᠭᠲᠡᠢ ᠶᠤᠮ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号