ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ​ ᠠᠴᠠ ᠬᠠᠷᠢᠭᠤ ᠦᠭᠭᠦᠯ᠎ᠡ
ᠨᠡᠶᠢᠲᠡᠯᠡᠭᠰᠡᠨ ᠴᠠᠭ᠄
2023/10/16
     ᠣᠶᠢᠷ᠎ᠠ ᠳᠤ᠂ ᠣᠯᠠᠨ ᠭᠠᠵᠠᠷ ᠤᠨ ᠰᠦᠯᠵᠢᠶᠡᠨ ᠠᠨᠳᠠ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶᠡᠨ ᠤ︽@ ᠲᠥᠷᠥ ᠶᠢᠨ ᠶᠠᠪᠤᠳᠠᠯ ᠤᠨ ᠬᠤᠷᠢᠶ᠎ᠠ ᠪᠢ ᠬᠡᠯᠡᠶ᠎ᠡ︾ ᠭᠡᠬᠦ ᠪᠤᠯᠤᠩ ᠳᠤ ᠦᠭᠡ ᠦᠯᠡᠳᠡᠭᠡᠵᠦ᠂ ᠡᠮᠨᠡᠯᠭᠡ ᠶᠢᠨ ᠬᠤᠷᠢᠶ᠎ᠠ ᠶᠢᠨ ᠡᠪᠡᠳᠴᠢᠲᠡᠨ ᠤ ᠡᠮᠨᠡᠯᠭᠡ ᠳᠤ ᠰᠠᠭᠤᠬᠤ ᠡᠳᠦᠷ ᠤᠨ ᠲᠤᠭ᠎ᠠ᠂ ᠡᠮᠴᠢᠯᠡᠭᠡᠨ ᠤ ᠵᠠᠷᠤᠳᠠᠯ ᠤᠨ ᠳᠡᠭᠡᠳᠦ ᠬᠢᠵᠠᠭᠠᠷ ᠢ ᠲᠣᠭᠲᠠᠭᠠᠭᠰᠠᠨ ᠪᠣᠯᠬᠤᠷ ᠡᠪᠡᠳᠴᠢᠲᠡᠨ ᠠᠷᠭ᠎ᠠ ᠪᠤᠰᠤ ᠣᠯᠠᠨ ᠤᠳᠠᠭ᠎ᠠ ᠡᠮᠨᠡᠯᠭᠡ ᠰᠢᠯᠵᠢᠵᠦ᠂ ᠵᠣᠭᠤᠰ ᠠᠷᠪᠢᠨ ᠵᠠᠷᠤᠬᠤ ᠪᠠᠷ ᠪᠠᠷᠠᠬᠤ ᠦᠭᠡᠢ ᠡᠮᠴᠢᠯᠡᠭᠡ ᠶᠢ ᠴᠦ ᠨᠥᠯᠥᠭᠡᠯᠡᠵᠦ ᠪᠠᠶᠢᠨ᠎ᠠ ᠭᠡᠵᠦ ᠲᠤᠰᠬᠠᠵᠠᠢ᠃ ᠬᠦᠨᠳᠦ ᠲᠦᠭᠰᠢᠭᠦᠷᠢᠲᠡᠢ ᠡᠪᠡᠳᠴᠢᠲᠡᠨ ᠡᠮᠨᠡᠯᠭᠡ ᠳᠤ ᠰᠠᠭᠤᠪᠠᠯ 15 ᠡᠳᠦᠷ ᠪᠣᠯᠪᠠᠯ ᠡᠷᠬᠡᠪᠰᠢ ᠡᠮᠨᠡᠯᠭᠡ ᠠᠴᠠ ᠭᠠᠷᠬᠤ ᠬᠡᠷᠡᠭᠲᠡᠢ᠂ ᠭᠡᠷ ᠲᠡᠭᠡᠨ ᠬᠡᠰᠡᠭ ᠬᠤᠭᠤᠴᠠᠭ᠎ᠠ ᠠᠮᠠᠷᠠᠭᠰᠠᠨ ᠤ ᠳᠠᠷᠠᠭ᠎ᠠ ᠰᠠᠶ᠋ᠢ ᠳᠠᠭᠢᠭᠠᠳ ᠡᠮᠨᠡᠯᠭᠡ ᠳᠤ ᠰᠠᠭᠤᠬᠤ ᠬᠡᠷᠡᠭᠲᠡᠢ᠂ ᠡᠨᠡ ᠨᠢ ᠡᠮᠴᠢᠯᠡᠭᠡ ᠪᠠ ᠵᠠᠷᠤᠳᠠᠯ ᠮᠥᠩᠭᠦ ᠳᠤ ᠴᠥᠮ ᠲᠦᠪᠡᠭ ᠨᠡᠮᠡᠵᠡᠢ᠃      ᠵᠠᠷᠢᠮ ᠭᠠᠵᠠᠷ ᠤᠨ ᠡᠮᠨᠡᠯᠭᠡ ᠶᠢᠨ ᠬᠤᠷᠢᠶ᠎ᠠ ᠶᠢᠨ ᠱᠠᠭᠠᠷᠳᠠᠭᠰᠠᠨ ᠮᠡᠰᠡ ᠵᠠᠰᠠᠯ ᠬᠢᠵᠦ ᠡᠮᠨᠡᠯᠭᠡ ᠳᠤ ᠰᠠᠭᠤᠬᠤ ᠵᠠᠷᠤᠳᠠᠯ ᠤᠨ ᠬᠢᠵᠠᠭᠠᠷ ᠲᠤᠭ᠎ᠠ ᠨᠢ ᠳᠣᠯᠤᠭ᠎ᠠ ᠨᠠᠢᠮᠠᠨ ᠲᠦᠮᠡᠨ ᠲᠥᠭᠦᠷᠢᠭ ᠪᠠᠶᠢᠵᠤ᠂ ᠡᠭᠦᠨ ᠠᠴᠠ ᠬᠡᠲᠦᠷᠡᠪᠡᠯ ᠡᠮᠨᠡᠯᠭᠡ ᠰᠢᠯᠵᠢᠭᠦ ᠬᠡᠷᠡᠭᠲᠡᠢ᠃ ᠤᠳᠠᠭ᠎ᠠ ᠪᠦᠷᠢ ᠡᠮᠨᠡᠯᠭᠡ ᠳᠤ ᠣᠷᠣᠬᠤ ᠪᠦᠷᠢ ᠡᠯ᠎ᠡ ᠵᠦᠢᠯ ᠤᠨ ᠪᠠᠶᠢᠴᠠᠭᠠᠯᠲᠠ ᠬᠢᠵᠦ᠂ ᠴᠢᠰᠤᠨ ᠤ ᠬᠡᠪ  ᠠᠪᠤᠨ᠎ᠠ᠂ ᠡᠳᠡᠭᠡᠷ ᠨᠢ ᠡᠪᠡᠳᠴᠢᠲᠡᠳ ᠲᠤ ᠳᠠᠷᠤᠭᠠᠰᠤ ᠨᠡᠮᠡᠭᠰᠡᠨ ᠶᠤᠮ᠃      ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ ᠠᠴᠠ ᠳᠠᠮᠵᠢᠭᠤᠯᠤᠭᠰᠠᠨ ᠰᠦᠯᠵᠢᠶᠡᠨ ᠠᠨᠳᠠ ᠦᠯᠡᠳᠡᠭᠡᠭᠰᠡᠨ ᠦᠭᠡ ᠶᠢ ᠣᠯᠣᠭᠰᠠᠨ ᠤ ᠳᠠᠷᠠᠭ᠎ᠠ ᠨᠠᠷᠢᠨ ᠬᠢᠨᠠᠮᠠᠭᠠᠢ ᠰᠤᠳᠤᠯᠤᠨ ᠰᠢᠢᠳᠪᠦᠷᠢᠯᠡᠵᠦ᠂ ᠳᠣᠣᠷᠠᠬᠢ ᠮᠡᠲᠦ ᠬᠠᠷᠢᠭᠤᠯᠲᠠ ᠥᠭᠪᠡ᠄      ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠨᠡᠶᠢᠲᠡᠯᠡᠭᠰᠡᠨ ᠡᠮ ᠡᠮᠨᠡᠯᠭᠡ ᠶᠢᠨ ᠳᠠᠭᠠᠳᠬᠠᠯ ᠤᠨ ᠬᠤᠯᠪᠣᠭᠳᠠᠯ ᠪᠦᠬᠦᠢ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠳᠤ ᠡᠮᠨᠡᠯᠭᠡ ᠳᠤ ᠰᠠᠭᠤᠬᠤ ᠡᠳᠦᠷ ᠤᠨ ᠲᠤᠭ᠎ᠠ᠂ ᠭᠠᠭᠴᠠ ᠤᠳᠠᠭᠠᠨ ᠤ ᠡᠮᠴᠢᠯᠡᠭᠡᠨ ᠤ ᠵᠠᠷᠤᠳᠠᠯ ᠢ ᠬᠢᠵᠠᠭᠠᠷᠯᠠᠬᠤ ᠲᠣᠭᠲᠠᠭᠠᠯ ᠭᠠᠷᠭᠠᠭᠰᠠᠨ ᠦᠭᠡᠢ᠂ 2022 ᠣᠨ ᠳᠤ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠪᠠᠰᠠ︽ᠡᠮ ᠡᠮᠨᠡᠯᠭᠡ ᠶᠢᠨ ᠳᠠᠭᠠᠳᠬᠠᠯ ᠤᠨ ᠵᠦᠢ ᠵᠣᠬᠢᠰ ᠦᠭᠡᠢ ᠬᠢᠵᠠᠭᠠᠷᠯᠠᠯ ᠢ ᠪᠦᠭᠦ ᠲᠠᠯ᠎ᠠ ᠪᠠᠷ ᠵᠢᠭᠰᠠᠭᠠᠨ ᠪᠠᠶᠢᠴᠠᠭᠠᠬᠤ ᠶᠢᠨ ᠬᠠᠮᠲᠤ ᠬᠦᠴᠦᠨ ᠦᠭᠡᠢ ᠪᠤᠯᠭᠠᠬᠤ ᠲᠤᠬᠠᠢ ᠮᠡᠳᠡᠭᠳᠡᠯ︾ ᠢ  ᠲᠤᠰᠬᠠᠶᠢᠯᠠᠨ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠳ ᠡᠮ ᠡᠮᠨᠡᠯᠭᠡ ᠶᠢᠨ ᠪᠠᠶᠢᠭᠤᠯᠤᠮᠵᠢ ᠶᠢᠨ ᠵᠦᠢ ᠵᠣᠬᠢᠰ ᠦᠭᠡᠢ ᠬᠢᠵᠠᠭᠠᠷᠯᠠᠯ ᠢ ᠪᠦᠭᠦ ᠲᠠᠯ᠎ᠠ ᠪᠠᠷ ᠭᠦᠨᠵᠡᠭᠡᠢ ᠵᠢᠭᠰᠠᠭᠠᠨ ᠪᠠᠶᠢᠴᠠᠭᠠᠵᠤ᠂ ᠠᠰᠠᠭᠤᠳᠠᠯ ᠣᠷᠣᠰᠢᠵᠤ ᠪᠠᠶᠢᠭ᠎ᠠ ᠭᠠᠵᠠᠷ ᠣᠷᠣᠨ ᠢ ᠨᠢᠭᠡᠨᠲᠡ ᠢᠯᠭᠠᠷᠠᠭᠤᠯᠤᠨ ᠳᠢᠭᠯᠡᠭᠦ ᠬᠡᠷᠡᠭᠲᠡᠢ ᠭᠡᠵᠦ ᠱᠠᠭᠠᠷᠳᠠᠪᠠ᠃ ᠣᠶᠢᠯᠠᠭᠠᠭᠰᠠᠨ ᠢᠶᠠᠷ᠂ ᠬᠡᠰᠡᠭ ᠡᠮᠴᠢᠯᠡᠭᠡᠨ ᠤ ᠪᠠᠶᠢᠭᠤᠯᠤᠮᠵᠢ ᠨᠢ  ︽ᠡᠮᠨᠡᠯᠭᠡ ᠳᠤ ᠰᠠᠭᠤᠭᠰᠠᠨ ᠳᠤᠮᠳᠠᠴᠢ ᠡᠳᠦᠷ︾᠂ ︽ᠤᠳᠠᠭ᠎ᠠ ᠪᠦᠷᠢ ᠶᠢᠨ ᠳᠤᠮᠳᠠᠴᠢ ᠵᠠᠷᠤᠳᠠᠯ︾ ᠵᠡᠷᠭᠡ ᠪᠤᠰᠤᠳ ᠲᠠᠯ᠎ᠠ ᠶᠢᠨ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢ ᠪᠡᠶᠡᠯᠡᠭᠦᠯᠬᠦ ᠶᠢᠨ ᠲᠥᠯᠥᠭᠡ ᠨᠡᠯᠢᠶᠡᠳ ᠪᠦᠳᠦᠭᠦᠯᠢᠭ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ ᠪᠠᠶᠢᠨ᠎ᠠ᠃ ᠪᠢᠳᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠠᠢ ᠬᠠᠮᠲᠤ ᠪᠠᠷ ᠣᠷᠣᠨ ᠨᠤᠲᠤᠭ ᠢ ᠵᠢᠭᠠᠨ ᠵᠢᠯᠤᠭᠤᠳᠴᠤ ᠪᠠᠶᠢᠭᠠᠳ ᠡᠮᠴᠢᠯᠡᠭᠡᠨ ᠤ ᠪᠠᠶᠢᠭᠤᠯᠤᠮᠵᠢ ᠶᠢᠨ ᠪᠣᠯᠪᠠᠰᠤᠷᠠᠯ ᠪᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠲᠡᠳᠡᠨ ᠢ ᠱᠠᠯᠠᠪᠳᠠᠭᠤᠯᠤᠨ ᠱᠠᠭᠠᠷᠳᠠᠵᠤ ᠪᠠᠶᠢᠭᠠᠳ ᠠᠷᠠᠳ ᠤᠯᠠᠨ ᠳᠤ ᠵᠦᠢ ᠵᠣᠬᠢᠰᠲᠠᠢ ᠡᠮᠴᠢᠯᠡᠭᠡᠨ ᠤ ᠦᠢᠯᠡᠴᠢᠯᠡᠭᠡ ᠬᠠᠩᠭᠠᠯᠭᠠᠨ᠎ᠠ᠃ ᠡᠭᠦᠨ ᠤ ᠵᠡᠷᠭᠡ ᠳᠤ᠂ ᠳᠠᠭᠠᠳᠬᠠᠯ ᠳᠤ ᠣᠷᠣᠯᠴᠠᠭᠴᠢ ᠡᠮᠴᠢᠯᠡᠭᠡᠨ ᠤ ᠡᠷᠬᠡ ᠠᠰᠢᠭ ᠢ ᠬᠤᠬᠢᠷᠠᠭᠤᠯᠤᠭᠰᠠᠨ ᠡᠶᠢᠮᠦᠷᠬᠦ ᠪᠠᠶᠢᠳᠠᠯ ᠳᠤ ᠲᠣᠬᠢᠶᠠᠯᠳᠤᠪᠠᠯ᠂ ᠲᠤᠬᠠᠢ ᠶᠢᠨ ᠭᠠᠵᠠᠷ ᠤᠨ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠲᠤᠰᠬᠠᠬᠤ ᠬᠡᠷᠡᠭᠲᠡᠢ᠂ ᠪᠢᠳᠡ ᠡᠮ ᠡᠮᠨᠡᠯᠭᠡ   ᠶᠢᠨ ᠳᠠᠭᠠᠳᠬᠠᠯ ᠤᠨ ᠲᠣᠭᠲᠠᠭᠰᠠᠨ ᠬᠡᠯᠡᠯᠴᠡᠭᠡᠷ ᠢ ᠶᠣᠰᠣᠭᠠᠷ ᠰᠢᠢᠳᠪᠦᠷᠢᠯᠡᠬᠦ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号