︽2023 ᠣᠨ ᠤ ᠳᠡᠯᠡᠬᠡᠢ ᠶᠢᠨ ᠠᠮᠤ ᠪᠤᠳᠠᠭᠠᠨ ᠤ ᠡᠳᠦᠷ ᠪᠠ ᠪᠥᠬᠦ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ︾ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/10/17
     ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ︽ᠬᠥᠬᠡᠬᠤᠲᠠ ᠶᠢᠨ 2023 ᠣᠨ ᠤ ᠳᠡᠯᠡᠬᠡᠢ ᠶᠢᠨ ᠠᠮᠤ ᠪᠤᠳᠠᠭᠠᠨ ᠤ ᠡᠳᠦᠷ ᠪᠠ ᠪᠥᠬᠦ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠤᠬᠠᠭᠤᠯᠭ᠎ᠠ ᠶᠢᠨ ᠠᠵᠢᠯᠯᠠᠭ᠎ᠠ ᠶᠢᠨ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ ᠤᠨ ᠱᠠᠭᠠᠷᠳᠠᠯᠭ᠎ᠠ ᠶᠣᠰᠣᠭᠠᠷ᠂ ᠦᠴᠦᠸᠠᠨ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ︶ ᠲᠠᠢ ᠬᠤᠯᠪᠤᠭᠠᠯᠠᠨ 2023 ᠣᠨ ᠤ 10 ᠰᠠᠷ᠎ᠠ ᠶᠢᠨ 16 ᠤ ᠡᠳᠦᠷ ᠦᠴᠦᠸᠠᠨ ᠰᠢᠶᠠᠨ ᠤ ᠡᠾᠧ ᠰᠢᠶᠧ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠲᠤ ︽2023 ᠣᠨ ᠤ ᠳᠡᠯᠡᠬᠡᠢ ᠶᠢᠨ ᠠᠮᠤ ᠪᠤᠳᠠᠭᠠᠨ ᠤ ᠡᠳᠦᠷ ᠪᠠ ᠪᠥᠬᠦ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
     ᠲᠣᠰ ᠤᠳᠠᠭᠠᠨ ᠤ ︽ᠳᠡᠯᠡᠬᠡᠢ ᠶᠢᠨ ᠠᠮᠤ ᠪᠤᠳᠠᠭᠠᠨ ᠤ ᠡᠳᠦᠷ︾ ᠨᠢ ︽ᠤᠰᠤ ᠪᠣᠯ ᠠᠮᠢ ᠨᠠᠰᠤᠨ ᠤ ᠡᠬᠢ ᠰᠤᠷᠪᠤᠯᠵᠢ ᠮᠥᠨ᠂ ᠤᠰᠤ ᠪᠣᠯ ᠠᠮᠤ ᠪᠤᠳᠠᠭᠠᠨ ᠤ ᠦᠨᠳᠦᠰᠦ ᠮᠥᠨ᠂ ᠬᠡᠨ ᠢ ᠴᠦ ᠡᠩᠨᠡᠭᠡ ᠠᠴᠠ ᠬᠤᠴᠣᠷᠤᠭᠤᠯᠬᠤ ᠦᠭᠡᠢ︾ ᠭᠡᠳᠡᠭ ᠢᠶᠠᠷ ᠭᠤᠣᠯ ᠰᠡᠳᠦᠪ ᠪᠣᠯᠭᠠᠵᠤ᠂ ︽ᠪᠥᠬᠦ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ︾ ᠨᠢ ︽ᠲᠣᠮᠣ ᠢᠳᠡᠭᠡᠨ ᠤ ᠵᠦᠢᠯ ᠤᠨ ᠦᠵᠡᠯᠲᠡ ᠶᠢ ᠦᠢᠯᠡᠳᠦᠯᠭᠡᠵᠢᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ︾ ᠭᠡᠳᠡᠭ ᠢᠶᠠᠷ ᠭᠤᠣᠯ ᠰᠡᠳᠦᠪ ᠪᠣᠯᠭᠠᠪᠠ᠃ ᠠᠵᠢᠯᠯᠠᠭ᠎ᠠ ᠳᠤ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢ ᠭᠦᠨᠵᠡᠭᠡᠢ ᠤᠬᠠᠭᠤᠯᠵᠤ᠂ ᠠᠮᠤ ᠪᠤᠳᠠᠭ᠎ᠠ ᠶᠢ ᠬᠠᠶᠢᠷᠠᠯᠠᠵᠤ ᠠᠮᠤ ᠪᠤᠳᠠᠭ᠎ᠠ ᠶᠢ ᠠᠷᠪᠢᠯᠠᠬᠤ ᠬᠥᠮᠦᠵᠢᠯ ᠢ ᠥᠷᠨᠢᠭᠦᠯᠬᠦ ᠶᠢᠨ ᠬᠠᠮᠲᠤ ᠠᠮᠤ ᠪᠤᠳᠠᠭᠠᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ᠂ ᠠᠮᠤ ᠪᠤᠳᠠᠭ᠎ᠠ ᠶᠢ ᠬᠠᠶᠢᠷᠠᠯᠠᠵᠤ ᠠᠮᠤ ᠪᠤᠳᠠᠭ᠎ᠠ ᠶᠢ ᠠᠷᠪᠢᠯᠠᠬᠤ᠂ ᠠᠮᠤ ᠪᠤᠳᠠᠭ᠎ᠠ ᠲᠣᠰᠣ ᠶᠢ ᠠᠮᠤᠷ ᠲᠦᠪᠰᠢᠨ ᠢᠶᠠᠷ ᠢᠳᠡᠬᠦ᠂ ᠠᠮᠤ ᠪᠤᠳᠠᠭᠠᠨ ᠤ ᠠᠵᠤ ᠦᠢᠯᠡᠰ ᠤᠨ ᠠᠵᠤ ᠠᠬᠤᠢ ᠶᠢᠨ ᠬᠥᠭᠵᠢᠯᠲᠡ ᠶᠢᠨ ᠲᠣᠭᠤᠷᠢᠨ ᠳᠤ ᠭᠤᠣᠯᠳᠠᠯᠭ᠎ᠠ ᠲᠠᠢ ᠤᠬᠠᠭᠤᠯᠭ᠎ᠠ ᠬᠢᠵᠦ᠂ ᠮᠠᠨ ᠤ ᠰᠢᠶᠠᠨ ᠤ ᠠᠮᠤ ᠪᠤᠳᠠᠭᠠᠨ ᠤ ᠠᠮᠤᠷ ᠲᠦᠪᠰᠢᠨ᠂ ᠠᠮᠤ ᠪᠤᠳᠠᠭᠠᠨ ᠤ ᠠᠵᠤ ᠦᠢᠯᠡᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ᠃
     ᠠᠵᠢᠯᠯᠠᠭ᠎ᠠ ᠶᠢᠨ ᠲᠤᠬᠠᠢ ᠶᠢᠨ ᠡᠳᠦᠷ᠂ ᠺᠠᠳ᠋ᠷ ᠠᠵᠢᠯᠲᠠᠨ ᠢ ᠵᠣᠬᠢᠶᠠᠨ ᠪᠠᠶᠢᠭᠤᠯᠵᠤ ᠬᠤᠲᠠ ᠶᠢᠨ ᠬᠤᠲᠠ ᠶᠢᠨ ᠠᠷᠠᠳ ᠤᠯᠠᠨ ᠳᠤ 300 ᠤᠬᠠᠭᠤᠯᠭ᠎ᠠ ᠶᠢᠨ ᠳᠡᠪᠲᠡᠷ᠂ 800 ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠶᠢᠨ ᠬᠠᠮᠲᠤ ᠠᠮᠤᠷ ᠲᠦᠪᠰᠢᠨ ᠢᠶᠠᠷ ᠠᠮᠤ ᠪᠤᠳᠠᠭ᠎ᠠ ᠬᠡᠷᠡᠭᠯᠡᠬᠦ ᠮᠡᠳᠡᠯᠭᠡ᠂ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠠᠭᠤᠯᠭ᠎ᠠ ᠶᠢ ᠲᠠᠨᠢᠯᠴᠠᠭᠤᠯᠵᠤ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠠᠮᠤᠷ ᠲᠦᠪᠰᠢᠨ᠂ ᠰᠢᠮ᠎ᠡ ᠲᠡᠵᠢᠭᠡᠯ ᠲᠠᠢ᠂ ᠡᠷᠡᠭᠦᠯ ᠰᠠᠷᠠᠭᠤᠯ ᠠᠮᠤ ᠪᠤᠳᠠᠭᠠᠨ ᠤ ᠬᠡᠷᠡᠭᠯᠡᠭᠡᠨ ᠤ ᠣᠶᠢᠯᠠᠭᠠᠭᠳᠠᠬᠤᠨ ᠲᠠᠢ ᠪᠣᠯᠭᠠᠵᠠᠢ᠃ ᠡᠭᠦᠨ ᠤ ᠳᠠᠷᠠᠭ᠎ᠠ ᠪᠠᠷ ᠦᠴᠦᠸᠠᠨ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ᠂ ᠨᠡᠶᠢᠭᠡᠮ ᠲᠣᠭᠤᠷᠢᠭ᠂ ᠬᠥᠳᠡᠭᠡ ᠲᠣᠰᠬᠤᠨ᠂ ᠠᠵᠤ ᠠᠬᠤᠶᠢᠯᠠᠯ ᠳᠤ ᠬᠦᠷᠴᠦ ︽ᠳᠡᠯᠡᠬᠡᠢ ᠶᠢᠨ ᠠᠮᠤ ᠪᠤᠳᠠᠭᠠᠨ ᠤ ᠡᠳᠦᠷ︾ ᠪᠣᠯᠣᠨ ︽ᠪᠦᠬᠦ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号