ᠠᠩᠬᠠᠳᠤᠭᠠᠷ ᠬᠤᠭᠤᠴᠠᠭᠠᠨ ᠤ ᠥᠨᠳᠦᠷᠯᠢᠭ ᠤᠨ ᠣᠨᠴᠠᠯᠢᠭᠲᠤ ᠴᠠᠭᠠᠨ ᠢᠳᠡᠭᠡᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠵᠢᠴᠢ ᠮᠧᠩ ᠭᠧ ᠯᠠᠢ ᠶᠢᠨ ᠬᠤᠷᠢᠨ ᠵᠢᠯ ᠤᠨ ᠲᠠᠯᠠᠷᠬᠠᠯ ᠤᠨ ᠪᠠᠶᠠᠷ ᠤᠨ ᠶᠣᠰᠣᠯᠠᠯ ᠢ ᠠᠮᠵᠢᠯᠲᠠ ᠲᠠᠢ ᠶᠠᠪᠤᠭᠳᠠᠭᠤᠯᠪᠠ
ᠨᠡᠶᠢᠲᠡᠯᠡᠭᠰᠡᠨ ᠴᠠᠭ᠄
2023/10/17
     10 ᠰᠠᠷ᠎ᠠ ᠶᠢᠨ 13  ᠤ ᠡᠳᠦᠷ᠂ ᠠᠩᠬᠠᠳᠤᠭᠠᠷ ᠬᠤᠭᠤᠴᠠᠭᠠᠨ ᠤ ᠥᠨᠳᠦᠷᠯᠢᠭ ᠤᠨ ᠣᠨᠴᠠᠯᠢᠭᠲᠤ ᠴᠠᠭᠠᠨ ᠢᠳᠡᠭᠡᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠵᠢᠴᠢ ᠮᠧᠩ ᠭᠧ ᠯᠠᠢ ᠶᠢᠨ ᠬᠤᠷᠢᠨ ᠵᠢᠯ ᠤᠨ ᠲᠠᠯᠠᠷᠬᠠᠯ ᠤᠨ ᠪᠠᠶᠠᠷ ᠤᠨ ᠶᠣᠰᠣᠯᠠᠯ ᠢ ᠦᠴᠦᠸᠠᠨ ᠰᠢᠶᠠᠨ ᠤ ᠮᠧᠩ ᠭᠧ ᠯᠠᠢ ᠢᠳᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠠᠮᠵᠢᠯᠲᠠ ᠲᠠᠢ ᠶᠠᠪᠤᠭᠳᠠᠭᠤᠯᠪᠠ᠃
     ᠡᠬᠢᠯᠡᠯᠲᠡ ᠶᠢᠨ ᠶᠣᠰᠣᠯᠠᠯ ᠳᠡᠭᠡᠷ᠎ᠡ᠂ ᠦᠴᠦᠸᠠᠨ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠸᠠᠩ ᠵᠢᠩ ᠢᠯᠡᠷᠬᠡᠶᠢᠯᠡᠬᠦ ᠳᠡᠭᠡᠨ᠂ ᠦᠴᠦᠸᠠᠨ ᠰᠢᠶᠠᠨ ᠤ ᠥᠪᠡᠷᠮᠢᠴᠡ ᠪᠠᠶᠢᠭᠠᠯᠢ ᠶᠢᠨ ᠨᠥᠬᠦᠴᠡᠯ ᠨᠢ ᠥᠨᠳᠦᠷᠯᠢᠭ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠶ ᠪᠣᠯᠬᠤ ᠪᠠ ᠬᠥᠭᠵᠢᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ ᠰᠦ ᠰᠠᠭᠠᠯᠢ ᠶᠢᠨ ᠦᠢᠯᠡᠰ ᠪᠣᠯ ︽ᠡᠷᠡᠭᠦᠯ ᠡᠩᠬᠡ ᠳᠤᠮᠳᠠᠳᠤ ᠤᠯᠤᠰ᠂ ᠬᠦᠳᠡᠷ ᠴᠢᠭᠢᠷᠠᠭ ᠦᠨᠳᠦᠰᠦᠲᠡᠨ︾ ᠤ ᠳᠤᠲᠠᠭᠳᠠᠵᠤ ᠪᠣᠯᠣᠰᠢ ᠦᠭᠡᠢ ᠠᠵᠤ ᠦᠢᠯᠡᠰ ᠮᠥᠨ᠂ ᠠᠩᠬᠠᠳᠤᠭᠠᠷ ᠬᠤᠭᠤᠴᠠᠭᠠᠨ ᠤ ᠥᠨᠳᠦᠷᠯᠢᠭ ᠤᠨ ᠣᠨᠴᠠᠯᠢᠭᠲᠤ ᠴᠠᠭᠠᠨ ᠢᠳᠡᠭᠡᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠦᠴᠦᠸᠠᠨ ᠰᠢᠶᠠᠨ ᠳᠤ ᠶᠠᠪᠤᠭᠳᠠᠵᠤ᠂ ᠥᠨᠳᠦᠷᠯᠢᠭ ᠤᠨ ᠣᠨᠴᠠᠯᠢᠭᠲᠤ ᠴᠠᠭᠠᠨ ᠢᠳᠡᠭᠡᠨ ᠳᠤ ᠣᠯᠳᠠᠬᠤᠶ᠎ᠠ ᠪᠡᠷᠬᠡ ᠰᠤᠳᠤᠯᠤᠨ ᠶᠠᠷᠢᠯᠴᠠᠬᠤ ᠰᠣᠯᠢᠯᠴᠠᠭᠠᠨ ᠤ ᠲᠠᠪᠴᠠᠩ ᠬᠠᠩᠭᠠᠵᠤ᠂ ᠥᠨᠳᠦᠷᠯᠢᠭ ᠤᠨ ᠣᠨᠴᠠᠯᠢᠭᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠂ ᠲᠡᠷᠡᠴᠢᠯᠡᠨ ᠬᠤᠷᠠᠯ ᠳᠤ ᠣᠷᠣᠯᠴᠠᠭᠰᠠᠨ ᠡᠯ᠎ᠡ ᠤᠳᠤᠷᠢᠳᠤᠯᠭ᠎ᠠ ᠪᠣᠯᠣᠨ ᠲᠤᠰᠬᠠᠢ ᠮᠡᠷᠭᠡᠵᠢᠯᠲᠡᠳ ᠤᠨ ᠮᠥᠷᠭᠦᠯᠳᠦᠨ ᠭᠠᠷᠭᠠᠭᠰᠠᠨ ᠰᠠᠶᠢᠨ ᠠᠷᠭ᠎ᠠ ᠪᠠᠷ ᠥᠨᠳᠦᠷᠯᠢᠭ ᠤᠨ ᠣᠨᠴᠠᠯᠢᠭᠲᠤ ᠴᠠᠭᠠᠨ ᠢᠳᠡᠭᠡᠨ ᠤ ᠬᠥᠭᠵᠢᠯᠲᠡ ᠳᠤ ᠡᠷᠳᠡᠨᠢ ᠪᠠᠨ ᠤᠯᠠᠮᠵᠢᠯᠠᠵᠤ᠂ ᠦᠴᠦᠸᠠᠨ ᠤ ᠴᠢᠨᠠᠷ ᠰᠠᠶᠢᠲᠠᠢ ᠬᠥᠭᠵᠢᠯᠲᠡ ᠶᠢᠨ ᠬᠤᠷᠳᠤᠴᠠ ᠶᠢ ᠨᠡᠮᠡᠭᠳᠡᠭᠦᠯᠵᠦ᠂ ᠰᠢᠨ᠎ᠡ ᠬᠥᠳᠡᠯᠭᠡᠬᠦ ᠬᠦᠴᠦᠨ ᠢ ᠬᠤᠷᠠᠮᠳᠤᠭᠤᠯᠬᠤ ᠶᠢ ᠬᠦᠰᠡᠵᠦ ᠪᠠᠶᠢᠨ᠎ᠠ ᠭᠡᠵᠡᠢ᠃
     ᠥᠪᠥᠷ ᠮᠣᠩᠭᠤᠯ ᠤᠨ ᠮᠧᠩ ᠭᠧ ᠯᠠᠢ ᠢᠳᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠾᠦᠸᠧ ᠸᠧᠨ ᠯᠢᠨ ᠢᠯᠡᠷᠬᠡᠶᠢᠯᠡᠬᠦ ᠳᠡᠭᠡᠨ᠂ ᠥᠨᠳᠦᠷᠯᠢᠭ ᠤᠨ ᠣᠨᠴᠠᠯᠢᠭᠲᠤ ᠴᠠᠭᠠᠨ ᠢᠳᠡᠭᠡᠨ ᠨᠢ ᠦᠴᠦᠸᠠᠨ ᠤ ᠥᠨᠳᠦᠷᠯᠢᠭ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠦᠷᠢᠯᠳᠦᠭᠦᠨ ᠬᠡᠰᠡᠭ ᠪᠠᠶᠢᠵᠤ᠂ ᠨᠢᠭᠡᠨᠲᠡ ᠦᠴᠦᠸᠠᠨ ᠤ ᠥᠪᠡᠷᠮᠢᠴᠡ ᠨᠡᠷ᠎ᠡ ᠶᠢᠨ ᠬᠠᠭᠤᠳᠠᠰᠤ ᠪᠣᠯᠪᠠ᠂ ᠮᠧᠩ ᠭᠧ ᠯᠠᠢ ᠥᠨᠳᠦᠷᠯᠢᠭ ᠤᠨ ᠣᠨᠴᠠᠯᠢᠭᠲᠤ ᠴᠠᠭᠠᠨ ᠢᠳᠡᠭᠡᠨ ᠪᠣᠯᠪᠠᠰᠤᠷᠠᠭᠤᠯᠬᠤ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠦᠴᠦᠸᠠᠨ ᠰᠢᠶᠠᠨ ᠤ ᠳᠠᠪᠠᠭᠤᠯᠢᠭ ᠣᠨᠴᠠᠯᠢᠭ ᠲᠤ ᠲᠦᠰᠢᠭᠯᠡᠨ᠂ ᠥᠪᠡᠷ ᠤᠨ ᠢᠳᠡᠪᠬᠢᠲᠡᠢ ᠴᠢᠷᠮᠠᠶᠢᠯᠭ᠎ᠠ ᠪᠠᠷ ᠢᠶᠠᠨ ᠥᠨᠳᠦᠷᠯᠢᠭ ᠤᠨ ᠣᠨᠴᠠᠯᠢᠭᠲᠤ ᠨᠠᠷᠠᠲᠤ ᠲᠡᠮᠳᠡᠭ ᠢ ᠪᠦᠲᠦᠭᠡᠬᠦ ᠪᠠᠷ ᠬᠦᠴᠦᠯᠡᠨ ᠴᠢᠷᠮᠠᠶᠢᠵᠤ᠂ ᠣᠲᠣ ᠦᠶ᠎ᠡ ᠶᠢᠨ ᠭᠠᠷ ᠤᠷᠠᠯᠠᠯ ᠢᠶᠠᠷ ᠥᠨᠳᠦᠷᠯᠢᠭ ᠤᠨ ᠣᠨᠴᠠᠯᠢᠭᠲᠤ ᠴᠠᠭᠠᠨ ᠢᠳᠡᠭᠡᠨ ᠢ ᠦᠢᠯᠡᠳᠪᠦᠷᠢᠯᠡᠨ᠂ ᠲᠠᠯ᠎ᠠ ᠨᠤᠲᠤᠭ ᠤᠨ ᠦᠨᠦᠷ ᠠᠮᠲᠠ ᠶᠢ ᠨᠠᠩ ᠣᠯᠠᠨ ᠬᠡᠷᠡᠭᠯᠡᠭᠴᠢᠳ ᠲᠤ ᠬᠠᠩᠭᠠᠵᠤ ᠪᠠᠶᠢᠨ᠎ᠠ᠃ ᠲᠤᠰ ᠤᠳᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠨᠢ ᠥᠨᠳᠦᠷᠯᠢᠭ ᠤᠨ ᠣᠨᠴᠠᠯᠢᠭᠲᠤ ᠴᠠᠭᠠᠨ ᠢᠳᠡᠭᠡᠨ ᠤ ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ᠥᠨᠳᠦᠷᠯᠢᠭ ᠤᠨ ᠣᠨᠴᠠᠯᠢᠭᠲᠤ ᠴᠠᠭᠠᠨ ᠢᠳᠡᠭᠡᠨ ᠤ ᠳᠠᠪᠠᠭᠤᠯᠢᠭ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠲᠦᠷᠦᠭᠦᠴᠦᠳ ᠤᠨ ᠶᠠᠷᠢᠶᠠᠨ ᠤ ᠲᠠᠪᠴᠠᠩ ᠤᠨ ᠬᠥᠲᠥᠯᠥᠨ ᠳᠠᠭᠠᠭᠤᠯᠬᠤ ᠪᠠ ᠨᠥᠯᠥᠭᠡᠯᠡᠬᠦ ᠦᠢᠯᠡᠳᠦᠯ ᠢ ᠪᠠᠳᠠᠷᠠᠭᠤᠯᠤᠨ᠂ ᠬᠠᠮᠢᠶ᠎ᠠ ᠪᠦᠬᠦᠢ ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢᠨ ᠡᠷᠬᠡ ᠰᠦᠷᠲᠦ ᠲᠤᠰᠬᠠᠢ ᠮᠡᠷᠭᠡᠵᠢᠯᠲᠡᠨ ᠢ ᠴᠤᠭᠯᠠᠭᠤᠯᠵᠤ᠂ ᠮᠡᠳᠡᠯᠭᠡ ᠶᠢ ᠬᠠᠮᠲᠤᠪᠠᠷ ᠡᠳ᠋ᠯᠡᠬᠦ᠂ ᠡᠮᠦᠨ᠎ᠡ ᠵᠠᠬ᠎ᠠ ᠶᠢ ᠵᠣᠯᠭᠠᠭᠤᠯᠬᠤ ᠪᠠ ᠲᠣᠰ ᠭᠠᠵᠠᠷ ᠣᠷᠣᠨ ᠤ ᠠᠵᠤ ᠦᠢᠯᠡᠰ ᠢ ᠪᠦᠲᠦᠮᠵᠢᠲᠡᠶ ᠤᠶᠠᠯᠳᠤᠭᠤᠯᠬᠤ ᠪᠠᠷ ᠳᠡᠮᠵᠢᠨ᠂ ᠬᠠᠮᠢᠶ᠎ᠠ ᠪᠦᠬᠦᠢ ᠰᠤᠳᠤᠯᠭᠠᠨ ᠤ ᠪᠦᠯᠬᠦᠮ ᠨᠡᠶᠢᠲᠡ ᠶᠢᠨ ᠬᠤᠭᠤᠷᠣᠨᠳᠣᠬᠢ ᠬᠠᠷᠢᠯᠴᠠᠬᠤ ᠪᠠ ᠨᠡᠪᠲᠡᠷᠡᠯᠴᠡᠬᠦ ᠲᠠᠪᠴᠠᠩ ᠢ ᠪᠠᠶᠢᠭᠤᠯᠵᠤ᠂ ᠥᠨᠳᠦᠷᠯᠢᠭ ᠤᠨ ᠣᠨᠴᠠᠯᠢᠭᠲᠤ ᠴᠠᠭᠠᠨ ᠢᠳᠡᠭᠡᠨ ᠤ ᠠᠵᠢᠯ ᠲᠥᠷᠥᠯ ᠤᠨ ᠰᠢᠨ᠎ᠡ ᠶᠢ ᠡᠭᠦᠳᠬᠦ ᠥᠨᠳᠥᠷ ᠦᠷ᠎ᠡ ᠪᠦᠲᠦᠮᠵᠢᠲᠡᠶ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠡᠢ᠃
     ᠲᠦᠷᠦᠭᠦᠴᠦᠳ ᠤᠨ ᠶᠠᠷᠢᠶᠠᠨ ᠤ ᠲᠠᠪᠴᠠᠩ ᠳᠡᠭᠡᠷ᠎ᠡ᠂ ᠬᠤᠷᠠᠯ ᠳᠤ ᠣᠷᠣᠯᠴᠠᠭᠰᠠᠨ ᠵᠣᠴᠢᠳ ᠬᠠᠮᠲᠤ ᠪᠠᠷ ᠥᠨᠳᠦᠷᠯᠢᠭ ᠤᠨ ᠣᠨᠴᠠᠯᠢᠭᠲᠤ ᠴᠠᠭᠠᠨ ᠢᠳᠡᠭᠡᠨ ᠤ ᠣᠳᠣᠬᠠᠨ ᠤ ᠬᠥᠭᠵᠢᠯᠲᠡ ᠶᠢᠨ ᠪᠠᠶᠢᠳᠠᠯ ᠢ ᠵᠠᠳᠠᠯᠵᠤ᠂ ᠥᠨᠳᠦᠷᠯᠢᠭ ᠤᠨ ᠣᠨᠴᠠᠯᠢᠭᠲᠤ ᠴᠠᠭᠠᠨ ᠢᠳᠡᠭᠡᠨ ᠤ ᠬᠥᠭᠵᠢᠯᠲᠡ ᠶᠢᠨ ᠶᠠᠪᠤᠴᠠ ᠳᠤ ᠲᠤᠯᠭᠠᠷᠠᠵᠤ ᠪᠠᠶᠢᠭ᠎ᠠ ᠠᠰᠠᠭᠤᠳᠠᠯ ᠢ ᠭᠦᠨᠵᠡᠭᠡᠢ ᠵᠠᠳᠠᠯᠤᠨ ᠰᠢᠨᠵᠢᠯᠡᠵᠦ᠂ ᠲᠤᠷᠰᠢᠯᠭ᠎ᠠ ᠪᠠᠨ ᠬᠠᠷᠢᠯᠴᠠᠨ ᠰᠤᠷᠤᠯᠴᠠᠨ ᠬᠤᠪᠢᠶᠠᠯᠴᠠᠵᠤ᠂ ᠦᠴᠦᠸᠠᠨ ᠰᠢᠶᠠᠨ ᠤ ᠥᠨᠳᠦᠷᠯᠢᠭ ᠤᠨ ᠣᠨᠴᠠᠯᠢᠭᠲᠤ ᠴᠠᠭᠠᠨ ᠢᠳᠡᠭᠡᠨ ᠤ ᠠᠵᠤ ᠦᠢᠯᠡᠰ ᠢ ᠪᠤᠵᠠᠭᠠᠶᠢᠷᠠᠭᠤᠯᠬᠤ ᠳᠤ ᠰᠤᠳᠠᠯ ᠪᠠᠷᠢᠵᠤ ᠬᠠᠮᠲᠤᠷᠠᠨ ᠣᠨᠣᠰᠢᠯᠠᠬᠤ᠂ ᠡᠷᠳᠡᠨᠢ ᠪᠠᠨ ᠤᠯᠠᠮᠵᠢᠯᠠᠬᠤ ᠳᠤ ᠠᠯᠢ ᠣᠯᠠᠨ ᠪᠣᠳᠠᠲᠤ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠪᠣᠳᠣᠯᠬᠢᠯᠠᠯ ᠢ ᠳᠤᠷᠠᠳᠤᠨ ᠭᠠᠷᠭᠠᠵᠤ᠂ ᠥᠨᠳᠦᠷᠯᠢᠭ ᠤᠨ ᠣᠨᠴᠠᠯᠢᠭᠲᠤ ᠴᠠᠭᠠᠨ ᠢᠳᠡᠭᠡᠨ ᠤ ᠰᠠᠶᠢᠨ ᠪᠥᠭᠡᠳ ᠲᠦᠷᠭᠡᠨ ᠬᠥᠭᠵᠢᠯᠲᠡ ᠶᠢ ᠠᠬᠢᠭᠤᠯᠬᠤ ᠳᠤ ᠠᠷᠭ᠎ᠠ ᠤᠬᠠᠭᠠᠨ ᠭᠠᠷᠭᠠᠵᠤ ᠥᠭᠭᠦᠭᠰᠡᠨ ᠪᠠᠶᠢᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号