︽ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠲᠡᠷᠢᠭᠦᠨ ᠤ ᠬᠢ ᠶᠢ ᠡᠭᠦᠳᠬᠦ ᠪᠠᠷ ᠴᠢᠷᠮᠠᠶᠢᠨ᠎ᠠ︾ ᠦᠴᠦᠸᠠᠨ ᠰᠢᠶᠠᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ ᠪᠠᠭᠠᠴᠤᠳ ᠤᠨ ᠴᠡᠷᠢᠭ ᠤᠨ ᠰᠤᠷᠭᠠᠭᠤᠯᠢ 2023 ᠣᠨ ᠤ ᠨᠠᠮᠤᠷ ᠤᠨ ᠤᠯᠠᠷᠢᠯ ᠤᠨ ᠬᠦᠨᠳᠦ ᠬᠥᠩᠭᠡᠨ ᠲᠠᠮᠢᠷ ᠤᠨ ᠴᠤᠭᠯᠠᠭᠠᠨ ᠡᠷᠭᠢᠯᠡᠪᠡ
ᠨᠡᠶᠢᠲᠡᠯᠡᠭᠰᠡᠨ ᠴᠠᠭ᠄
2023/10/17
     ᠵᠠᠯᠠᠭᠤᠴᠤᠳ ᠤᠨ ᠵᠣᠷᠢᠭ ᠰᠠᠨᠠᠭ᠎ᠠ ᠶᠢ ᠤᠶᠠᠩᠭᠠᠯᠠᠵᠤ᠂ ᠪᠡᠶ᠎ᠡ ᠲᠠᠮᠢᠷ ᠤᠨ ᠴᠤᠭ ᠵᠢᠪᠬᠤᠭ᠎ᠠ ᠪᠠᠨ ᠪᠠᠳᠠᠷᠠᠭᠤᠯᠤᠨ᠎ᠠ᠃10 ᠰᠠᠷ᠎ᠠ ᠶᠢᠨ 12 ᠤᠨ ᠡᠳᠦᠷ ᠠᠴᠠ 13 ᠤ ᠡᠳᠦᠷ ᠪᠣᠯᠲᠠᠯ᠎ᠠ᠂ ᠦᠴᠦᠸᠠᠨ ᠰᠢᠶᠠᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ ᠪᠠᠭᠠᠴᠤᠳ ᠤᠨ ᠴᠡᠷᠢᠭ ᠤᠨ ᠰᠤᠷᠭᠠᠭᠤᠯᠢ ︽ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠲᠡᠷᠢᠭᠦᠨ ᠤ ᠬᠢ ᠶᠢ ᠡᠭᠦᠳᠬᠦ ᠪᠠᠷ ᠴᠢᠷᠮᠠᠶᠢᠨ᠎ᠠ︾ ᠭᠡᠬᠦ 2023 ᠣᠨ ᠤ ᠨᠠᠮᠤᠷ ᠤᠨ ᠤᠯᠠᠷᠢᠯ ᠤᠨ ᠬᠦᠨᠳᠦ ᠬᠥᠩᠭᠡᠨ ᠲᠠᠮᠢᠷ ᠤᠨ ᠴᠤᠭᠯᠠᠭᠠᠨ ᠡᠷᠭᠢᠯᠡᠪᠡ᠃
     ᠡᠬᠢᠯᠡᠯᠲᠡ ᠶᠢᠨ ᠶᠣᠰᠣᠯᠠᠯ ᠳᠡᠭᠡᠷ᠎ᠡ᠂ ᠡᠯ᠎ᠡ ᠲᠥᠯᠥᠭᠡᠯᠡᠭᠴᠢᠳ ᠤᠨ ᠡᠩᠨᠡᠭᠡ ᠢᠳᠡᠷᠡᠭᠦᠨ ᠠᠯᠬᠤᠭ᠎ᠠ ᠪᠠᠷ ᠬᠠᠩᠭᠢᠨᠠᠮ᠎ᠠ ᠤᠷᠢᠶ᠎ᠠ ᠬᠠᠰᠬᠢᠷᠤᠨ ᠲᠠᠮᠢᠷ ᠤᠨ ᠲᠠᠯᠠᠪᠠᠢ ᠳᠤ ᠣᠷᠣᠵᠤ᠂ ᠪᠠᠭᠠᠴᠤᠳ ᠤᠨ ᠠᠮᠢᠵᠢᠷᠠᠯ ᠤᠨ ᠬᠦᠴᠦᠨ ᠢ ᠢᠯᠡᠷᠡᠭᠦᠯᠪᠡ᠃
     ᠳᠠᠷᠠᠭ᠎ᠠ ᠨᠢ᠂ ᠰᠤᠷᠭᠠᠭᠤᠯᠢ ᠶᠢᠨ ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠳᠤ ᠪᠠᠶᠠᠷ ᠤᠨ ᠦᠭᠡ ᠬᠡᠯᠡᠵᠦ᠂ ᠪᠦᠬᠦ ᠰᠤᠷᠤᠭᠴᠢᠳ ᠢ ᠣᠷᠭᠢᠯᠤᠮ᠎ᠠ ᠬᠠᠯᠠᠭᠤᠨ ᠰᠡᠳᠬᠢᠯᠭᠡ᠂ ᠣᠷᠭᠢᠯᠤᠮ᠎ᠠ ᠬᠠᠯᠠᠭᠤᠨ ᠲᠡᠮᠡᠴᠡᠯ ᠤᠨ ᠵᠣᠷᠢᠭ᠂ ᠡᠷᠡᠯᠬᠡᠭᠯᠡᠨ ᠲᠡᠮᠡᠴᠡᠬᠦ ᠢᠲᠡᠭᠡᠯ ᠵᠣᠷᠢᠭ᠂ ᠪᠦᠯᠬᠦᠮᠳᠡᠨ ᠳᠠᠪᠰᠢᠬᠤ ᠵᠣᠷᠢᠭ ᠰᠠᠨᠠᠭ᠎ᠠ ᠪᠠᠷ ᠲᠤᠰ ᠬᠤᠭᠤᠴᠠᠭᠠᠨ ᠤ ᠲᠠᠮᠢᠷ ᠤᠨ ᠴᠤᠭᠯᠠᠭᠠᠨ ᠳᠤ ᠣᠷᠣᠯᠴᠠᠵᠤ᠂ ᠤᠷᠤᠯᠳᠤᠭᠠᠨ ᠤ ᠲᠠᠯᠠᠪᠤᠷ ᠲᠤ ᠬᠦᠷᠴᠦ᠂ ᠴᠤᠭ ᠵᠢᠪᠬᠤᠭ᠎ᠠ ᠪᠠᠨ ᠪᠠᠳᠠᠷᠠᠭᠤᠯᠵᠤ᠂ ᠡᠷᠡᠯᠬᠡᠭ ᠪᠠᠭᠠᠲᠤᠷᠯᠢᠭ ᠢᠶᠠᠷ ᠪᠠᠭᠠᠴᠤᠳ ᠤᠨ ᠵᠣᠷᠢᠭ ᠢ ᠪᠠᠳᠠᠷᠠᠭᠤᠯᠬᠤ ᠬᠡᠷᠡᠭᠲᠡᠢ ᠭᠡᠵᠦ ᠵᠣᠷᠢᠭᠵᠢᠭᠤᠯᠪᠠ᠃
     ᠪᠠᠭᠠᠴᠤᠳ ᠤᠨ ᠬᠤᠰᠢᠭᠤᠴᠢ ᠠᠩᠭᠢ ᠳᠤ ᠣᠷᠣᠬᠤ ᠶᠣᠰᠣᠯᠠᠯ ᠤᠨ ᠳᠠᠷᠠᠭ᠎ᠠ᠂ ᠰᠤᠷᠤᠭᠴᠢᠳ ᠶᠣᠰᠣᠯᠠᠯ ᠤᠨ ᠪᠡᠶ᠎ᠡ ᠶᠢᠨ ᠲᠠᠮᠢᠷ ᠤᠨ ᠦᠵᠡᠭᠦᠯᠦᠯᠭᠡ ᠬᠢᠵᠦ᠂ ᠲᠠᠮᠢᠷᠴᠢᠳ ᠤᠨ ᠲᠥᠯᠥᠭᠡᠯᠡᠭᠴᠢ ᠪᠠ ᠬᠢᠨᠠᠭᠴᠢ ᠨᠠᠷ ᠳᠡᠰ ᠳᠠᠷᠠᠭ᠎ᠠ ᠲᠠᠢ ᠪᠠᠷ ᠲᠠᠩᠭᠠᠷᠢᠭᠯᠠᠵᠤ᠂ ᠤᠷᠤᠯᠳᠤᠭᠠᠨ ᠤ ᠡᠯ᠎ᠡ ᠵᠦᠢᠯ ᠤᠨ ᠲᠣᠬᠢᠷᠠᠭᠤᠯᠤᠯᠲᠠ ᠶᠢ ᠴᠢᠩᠭ᠎ᠠ ᠵᠢᠷᠤᠮᠯᠠᠨ᠂ ᠤᠷᠤᠯᠳᠤᠭᠠᠨ ᠤ ᠳᠦᠷᠢᠮ ᠪᠠ ᠤᠷᠤᠯᠳᠤᠭᠠᠨ ᠤ ᠲᠠᠯᠠᠪᠤᠷ ᠤᠨ ᠰᠠᠬᠢᠯᠭ᠎ᠠ ᠪᠠᠲᠤ ᠶᠢ ᠵᠢᠷᠤᠮᠯᠠᠨ᠂ ᠰᠢᠯᠢᠳᠡᠭ ᠰᠠᠶᠢᠨ ᠶᠣᠰᠣ ᠮᠣᠷᠠᠯ ᠬᠡᠪ ᠰᠤᠷᠲᠠᠯ ᠪᠠ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢᠶᠠᠷ ᠤᠷᠤᠯᠳᠤᠭᠠᠨ ᠤ ᠤᠷᠤᠭᠰᠢᠲᠠᠢ ᠶᠠᠪᠤᠭᠳᠠᠬᠤ ᠶᠢ ᠪᠠᠲᠤᠯᠠᠨ᠎ᠠ ᠭᠡᠵᠦ ᠢᠯᠡᠷᠬᠡᠶᠢᠯᠡᠪᠡ᠃
     ᠠᠮᠢᠵᠢᠷᠠᠯ ᠤᠨ ᠬᠦᠴᠦᠨ ᠲᠠᠢ ᠬᠥᠭᠵᠢᠭᠡᠨ ᠳᠡᠮᠵᠢᠬᠦ ᠲᠠᠮᠢᠷ ᠤᠨ ᠦᠵᠡᠭᠦᠯᠦᠯᠭᠡ ᠤᠷᠤᠯᠳᠤᠭᠠᠨ ᠤ ᠬᠥᠰᠢᠭᠡ ᠶᠢ ᠰᠡᠬᠦᠵᠦ᠂ ᠬᠢᠨᠠᠭᠴᠢ ᠶᠢᠨ ᠱᠦᠭᠯᠦ ᠶᠢᠨ ᠲᠠᠭᠤᠨ ᠢ ᠳᠠᠭᠠᠯᠳᠤᠨ᠂ ᠤᠷᠤᠯᠳᠤᠭᠠᠨ ᠡᠬᠢᠯᠡᠯ᠎ᠡ᠂ ᠪᠦᠬᠦ ᠬᠦᠴᠦᠨ ᠢᠶᠠᠷ ᠢᠶᠠᠨ ᠳᠠᠪᠠᠵᠤ᠂ ᠶᠠᠳᠠᠷᠠᠯ ᠵᠦᠳᠡᠷᠡᠯ ᠢ ᠮᠡᠳᠡᠬᠦ ᠦᠭᠡᠢ ᠪᠠᠷ ᠭᠦᠶᠦᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠨ ᠬᠠᠰᠬᠢᠷᠤᠯᠳᠤᠵᠤ᠂ ᠨᠢᠭᠡᠳᠦᠭᠡᠷ ᠪᠠᠭ᠎ᠠ ᠰᠤᠷᠭᠠᠭᠤᠯᠢ ᠶᠢᠨ ᠬᠢᠨ ᠲᠠᠮᠢᠷ ᠤᠨ ᠬᠥᠳᠡᠯᠭᠡᠭᠡᠨ ᠢᠶᠠᠷ ᠤᠷᠮ᠎ᠠ ᠵᠣᠷᠢᠭ ᠢ ᠬᠥᠭᠵᠢᠭᠡᠵᠦ᠂ ᠴᠢᠷᠮᠠᠶᠢᠨ ᠲᠡᠮᠡᠴᠡᠬᠦ ᠪᠠᠷ ᠬᠦᠰᠡᠯ ᠵᠡᠭᠦᠳᠦ ᠪᠠᠨ ᠲᠡᠷᠭᠡᠯᠰᠢᠭᠦᠯᠪᠡ᠃ ᠬᠤᠶᠠᠷ ᠡᠳᠦᠷ ᠤᠨ ᠰᠢᠷᠦᠭᠦᠨ ᠥᠷᠢᠰᠦᠯᠳᠦᠭᠡᠨ ᠤ ᠳᠤᠮᠳᠠ᠂ ᠬᠠᠮᠲᠤ ᠰᠤᠷᠤᠭᠴᠢᠳ ᠬᠠᠷᠰᠢ ᠰᠠᠭᠠᠳ ᠢ ᠢᠯᠠᠨ ᠳᠠᠪᠠᠵᠤ᠂ ᠡᠷᠡᠯᠬᠡᠭᠯᠡᠨ ᠲᠡᠮᠡᠴᠡᠵᠦ᠂ ᠠᠯᠢ ᠣᠯᠠᠨ ᠭᠤᠶᠢᠳᠠ ᠰᠠᠶᠢᠬᠠᠨ ᠤᠷᠤᠯᠳᠤᠭᠠᠨ ᠢ ᠠᠪᠴᠢᠷᠠᠨ᠂ ᠦᠴᠦᠸᠠᠨ ᠰᠢᠶᠠᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ ᠪᠠᠭᠠᠴᠤᠳ ᠤᠨ ᠴᠡᠷᠢᠭ ᠤᠨ ᠰᠤᠷᠭᠠᠭᠤᠯᠢ ᠶᠢᠨ 2023 ᠣᠨ ᠤ ᠨᠠᠮᠤᠷ ᠤᠨ ᠤᠯᠠᠷᠢᠯ ᠤᠨ ᠬᠦᠨᠳᠦ ᠬᠥᠩᠭᠡᠨ ᠲᠠᠮᠢᠷ ᠤᠨ ᠴᠤᠭᠯᠠᠭᠠᠨ ᠲᠡᠭᠦᠰ ᠠᠮᠵᠢᠯᠲᠠ ᠲᠠᠢ ᠥᠨᠳᠥᠷᠯᠡᠪᠡ᠃
     ᠪᠡᠶ᠎ᠡ ᠶᠢᠨ ᠲᠠᠮᠢᠷ ᠤᠨ ᠴᠤᠭᠯᠠᠭᠠᠨ ᠤ ᠰᠠᠶᠢᠨ ᠰᠠᠶᠢᠬᠠᠨ ᠳᠤᠷᠠᠰᠤᠮᠵᠢ ᠡᠨᠡ ᠦᠶ᠎ᠡ ᠳᠤ ᠲᠣᠭᠲᠠᠭᠰᠠᠨ ᠪᠣᠯᠪᠠᠴᠤ ᠡᠷᠡᠯᠬᠡᠭᠯᠡᠨ ᠲᠡᠮᠡᠴᠡᠬᠦ ᠤᠷᠤᠯᠳᠤᠭᠠᠨ ᠤ ᠵᠠᠮ ᠡᠭᠦᠨ ᠢᠶᠠᠷ ᠵᠣᠭᠰᠣᠬᠤ ᠦᠭᠡᠢ᠃ ᠢᠷᠡᠭᠡᠳᠦᠢ ᠳᠤ᠂ ᠦᠴᠦᠸᠠᠨ ᠰᠢᠶᠠᠨ ᠤ ᠨᠢᠭᠡᠳᠦᠭᠡᠷ ᠪᠠᠭ᠎ᠠ ᠰᠤᠷᠭᠠᠭᠤᠯᠢ ᠡᠯᠪᠡᠭ ᠪᠠᠶᠠᠯᠢᠭ ᠲᠠᠩᠰᠤᠭ ᠰᠠᠶᠢᠬᠠᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠦᠷᠭᠦᠯᠵᠢᠯᠡᠨ ᠥᠷᠨᠢᠭᠦᠯᠵᠦ᠂ ᠰᠤᠷᠤᠭᠴᠢᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠬᠤ ᠶᠢ ᠠᠬᠢᠭᠤᠯᠤᠨ᠂ ᠰᠤᠷᠤᠭᠴᠢᠳ ᠤᠨ ᠡᠷᠡᠭᠦᠯ ᠴᠢᠭᠢᠷᠠᠭ ᠪᠡᠶ᠎ᠡ ᠮᠠᠬᠠᠪᠤᠳ ᠢ ᠪᠣᠶ ᠪᠣᠯᠭᠠᠵᠤ᠂ ᠰᠤᠷᠤᠭᠴᠢᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠰᠤᠷᠤᠭᠴᠢᠳ ᠢ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠳᠤᠮᠳᠠ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠬᠥᠭᠡᠭᠡᠴᠡᠯᠳᠦᠨ᠂ ᠤᠷᠤᠯᠳᠤᠭᠠᠨ ᠤ ᠳᠤᠮᠳᠠ ᠠᠮᠢ ᠨᠠᠰᠤᠨ ᠤ ᠬᠦᠴᠦᠨ ᠴᠢᠳᠠᠯ ᠢ ᠣᠶᠢᠯᠠᠭᠠᠬᠤ ᠪᠣᠯᠭᠠᠨ᠎ᠠ︕              ᠢᠷᠡᠯᠲᠡ᠄ ᠦᠴᠦᠸᠠᠨ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号