ᠥᠪᠥᠷ ᠮᠣᠩᠭᠤᠯ ᠤᠨ ᠮᠦᠽᠧᠢ 13.4 ᠲᠦᠮᠡ ᠭᠠᠷᠤᠢ ᠵᠢᠭᠤᠯᠴᠢᠯᠠᠭᠴᠢ ᠶᠢ ᠭᠥᠯᠢᠶᠡᠨ ᠠᠪᠴᠠᠢ
ᠨᠡᠶᠢᠲᠡᠯᠡᠭᠰᠡᠨ ᠴᠠᠭ᠄
2023/10/17
     ᠲᠡᠷᠭᠡᠯ ᠰᠠᠷᠨᠨ ᠤ ᠪᠠᠶᠠᠷ᠂ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠥᠪᠥᠷ ᠮᠣᠩᠭᠤᠯ  ᠤᠨ ᠮᠦᠽᠧᠢ ᠨᠡᠶᠢᠲᠡ 13.4 ᠲᠦᠮᠡ ᠭᠠᠷᠤᠢ ᠵᠢᠭᠤᠯᠴᠢᠯᠠᠭᠴᠢ ︵ᠤᠳᠠᠭ᠎ᠠ︶ ᠶᠢ ᠭᠥᠯᠢᠶᠡᠨ ᠠᠪᠴᠠᠢ᠃      ᠥᠪᠥᠷ ᠮᠣᠩᠭᠤᠯ ᠤᠨ ᠮᠦᠽᠧᠢ ᠨᠠᠢᠮᠠᠨ ᠰᠠᠷ᠎ᠠ ᠶᠢᠨ ᠲᠡᠷᠭᠡᠯ ᠪᠠᠶᠠᠷ ᠲᠤ ᠵᠣᠷᠢᠭᠤᠯᠤᠨ ᠶᠧᠪᠡᠩ ᠬᠢᠬᠦ᠂ ᠳᠠᠭᠠᠳᠬᠠᠬᠤ᠂ ᠲᠤᠮᠳᠠᠳᠦ ᠮᠠᠶ᠋ᠢᠭ ᠤᠨ ᠬᠤᠪᠴᠠᠰᠤ ᠡᠮᠦᠰᠬᠦ᠂ ᠣᠨᠢᠰᠤᠭ᠎ᠠ ᠳᠠᠭᠠᠬᠤ᠂ ᠰᠠᠷᠠᠨ ᠳ᠋ᠧᠩ ᠬᠢᠬᠦ᠂ ᠯᠤᠤ ᠵᠢᠷᠤᠬᠤ᠂ ᠲᠡᠮᠦᠷᠯᠢᠭ ᠤᠲᠠᠰᠤᠨ ᠭᠦᠷᠦᠮᠡᠯ ᠬᠢᠬᠦ᠂ ᠦᠨᠦᠷᠲᠦ ᠬᠠᠪᠲᠠᠭ᠎ᠠ ᠬᠢᠬᠦ᠂ ᠭᠠᠷ ᠤᠷᠠᠯᠠᠯ ᠬᠢᠬᠦ ᠵᠡᠷᠭᠡ ᠳᠤᠮᠳᠠᠳᠤ  ᠶᠢᠨ ᠪᠣᠳᠠᠰ ᠤᠨ ᠪᠤᠰᠤ ᠰᠣᠶᠣᠯ ᠤᠨ ᠥᠪ ᠤᠨ ᠠᠵᠢᠯᠯᠠᠭ᠎ᠠ ᠥᠷᠨᠢᠭᠦᠯᠦᠭᠰᠡᠨ ᠢᠶᠠᠷ ᠦᠵᠡᠭᠴᠢᠳ ᠢᠳᠡᠪᠬᠢᠲᠡᠢ ᠣᠷᠣᠯᠴᠠᠵᠤ᠂ ᠤᠯᠠᠮᠵᠢᠯᠠᠯᠲᠤ ᠪᠠᠶᠠᠷ ᠤᠨ ᠡᠳᠦᠷ ᠤᠨ ᠰᠣᠶᠣᠯ ᠤᠨ ᠰᠢᠮ᠎ᠡ ᠶᠢ ᠬᠦᠷᠲᠡᠵᠡᠢ᠃ ᠤᠯᠤᠰ ᠤᠨ ᠪᠠᠶᠠᠷ ᠲᠤ ᠵᠣᠷᠢᠭᠤᠯᠤᠨ ︽ᠤᠯᠤᠰ ᠳᠠᠶᠠᠭᠠᠷ ᠨᠠᠶᠢᠷᠠᠯᠳᠤᠬᠤ︾ ᠭᠤᠣᠯ ᠰᠡᠳᠦᠪ ᠤᠨ ᠲᠣᠭᠤᠷᠢᠨ ᠳᠤ ᠰᠣᠶᠣᠯ ᠤᠨ ᠬᠤᠳᠠᠯᠳᠤᠭ᠎ᠠ᠂ ᠤᠯᠤᠰ ᠤᠨ ᠪᠠᠶᠠᠷ ᠤᠨ ᠭᠢᠯᠠᠰ ᠲᠤᠬᠯᠠᠯᠳᠠ᠂ ᠦᠵᠡᠭᠦᠯᠭᠡ ᠶᠢᠨ ᠲᠢᠩᠬᠢᠮ ᠳᠤ ᠡᠷᠳᠡᠨᠢ ᠬᠠᠶᠢᠬᠤ᠂ ᠦᠵᠡᠭᠦᠯᠭᠡ ᠶᠢᠨ ᠲᠢᠩᠬᠢᠮ ᠤᠨ ᠨᠢᠭᠤᠴᠠ ᠶᠢ ᠬᠠᠶᠢᠬᠤ᠂ ᠤᠷᠠᠨ ᠪᠢᠴᠢᠯᠭᠡ ᠤᠷᠠᠨ ᠵᠢᠷᠤᠭ ᠤᠨ ᠪᠡᠶᠡᠴᠢ ᠣᠶᠢᠯᠠᠭᠠᠯᠲᠠ᠂ ᠭᠠᠷ ᠤᠷᠠᠯᠠᠯ᠂ ᠲᠡᠦᠬᠡ ᠶᠢᠨ ᠳᠤᠷᠠᠰᠬᠠᠯᠲᠤ ᠵᠦᠢᠯ ᠤᠨ ᠳᠣᠲᠣᠷᠠᠬᠢ ︽ᠠᠭᠤᠯᠵᠠᠯᠲᠠ︾ ᠶᠢ ᠰᠣᠨᠢᠷᠬᠠᠬᠤ ᠵᠡᠷᠭᠡ 135 ᠲᠠᠯᠠᠪᠠᠢ ᠠᠵᠢᠯᠯᠠᠭ᠎ᠠ ᠥᠷᠨᠢᠭᠦᠯᠵᠦ᠂ ᠥᠷᠭᠡᠨ ᠤᠯᠠᠨ ᠵᠢᠭᠤᠯᠴᠢᠯᠠᠬᠰᠠᠳ ᠢ ᠮᠦᠽᠧᠢ ᠳᠤ ᠪᠠᠶᠠᠷ ᠤᠨ ᠡᠳᠦᠷ ᠢᠶᠠᠨ ᠤᠳᠬ᠎ᠠ ᠲᠡᠭᠦᠯᠳᠡᠷ ᠥᠩᠭᠡᠷᠡᠭᠦᠯᠦᠨ᠂ ᠪᠠᠶᠠᠷ ᠳᠤᠷᠠᠰᠬᠠᠯ ᠤᠨ ᠡᠳᠦᠷ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠣᠨᠴᠠᠯᠢᠭ ᠲᠠᠢ ᠪᠠᠶᠠᠷ ᠳᠤᠷᠠᠰᠬᠠᠯ ᠤᠨ ᠪᠡᠶᠡᠴᠢ ᠣᠶᠢᠯᠠᠭᠠᠯᠲᠠ᠂ ᠪᠠᠶᠠᠷ ᠤᠨ ᠡᠳᠦᠷ ᠤᠨ ᠰᠢᠨ᠎ᠡ ᠳᠦᠷᠰᠦ ᠪᠠᠶᠢᠳᠠᠯ ᠢ ᠪᠤᠢ ᠪᠣᠯᠭᠠᠨ᠂ ᠪᠠᠶᠠᠷ ᠤᠨ ᠡᠳᠦᠷ ᠤᠨ ᠰᠢᠨ᠎ᠡ ᠬᠡᠪ ᠰᠤᠷᠲᠠᠯ ᠢ ᠬᠥᠲᠥᠯᠥᠨ ᠳᠠᠭᠠᠭᠤᠯᠤᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号