ᠲᠦᠮᠡᠨ ᠠᠵᠢᠯᠲᠠᠨ ᠡᠯᠰᠡᠨ᠎ᠡ
ᠨᠡᠶᠢᠲᠡᠯᠡᠭᠰᠡᠨ ᠴᠠᠭ᠄
2023/10/17
     10 ᠳ᠋ᠤᠭᠠᠷ ᠰᠠᠷ᠎ᠠ ᠶᠢᠨ 15 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮᠤᠷ ᠤᠨ ᠤᠯᠠᠷᠢᠯ ᠤᠨ ᠶᠡᠭᠡ ᠳᠡᠬᠡᠳᠦ ᠰᠤᠷᠭᠠᠭᠤᠯᠢ ᠠᠴᠠ ᠠᠵᠢᠯᠲᠠᠨ ᠡᠯᠰᠡᠬᠦ ᠠᠵᠢᠯᠯᠠᠭ᠎ᠠ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠶᠠᠪᠤᠭᠳᠠᠪᠠ᠃      ᠲᠤᠰ ᠤᠳᠠᠭᠠᠨ ᠤ ᠠᠵᠢᠯᠯᠠᠭ᠎ᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ︽ᠥᠪᠥᠷ ᠮᠣᠩᠭᠤᠯ ᠤᠨ 24365 ᠣᠶᠤᠲᠠᠳ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ︾ ᠢᠶᠠᠷ ᠳᠠᠮᠵᠢᠨ᠂ ᠰᠦᠯᠵᠢᠶᠡᠨ ᠳᠡᠭᠡᠷ᠎ᠡ ᠪᠠ ᠰᠦᠯᠵᠢᠶᠡᠨ ᠤ ᠭᠠᠳᠠᠨᠠᠬᠢ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠣᠷᠣᠨ ᠤ ᠳᠣᠲᠣᠷ᠎ᠠ ᠭᠠᠳᠠᠨᠠᠬᠢ 200 ᠭᠠᠷᠤᠢ ᠰᠢᠯᠢᠳᠡᠭ ᠬᠥᠮᠥᠨ ᠬᠡᠷᠡᠭᠯᠡᠬᠦ ᠪᠠᠶᠢᠭᠤᠯᠭ᠎ᠠ ᠨᠢᠭᠡᠴᠡ ᠶᠢ ᠰᠣᠩᠭᠤᠨ ᠬᠤᠷᠠᠯ ᠳᠤ ᠣᠷᠣᠯᠴᠠᠭᠤᠯᠵᠠᠢ᠂ ᠠᠵᠢᠯᠲᠠᠨ ᠬᠡᠷᠡᠭᠯᠡᠬᠦ ᠴᠠᠷ ᠬᠦᠷᠢᠶ᠎ᠡ ᠨᠢ ᠪᠠᠷᠢᠯᠭ᠎ᠠ᠂ ᠡᠨᠧᠷᠭᠢ᠂ ᠬᠢᠮᠢ ᠶᠢᠨ ᠠᠵᠤ ᠦᠢᠯᠡᠳᠪᠦᠷᠢ᠂ ᠲᠠᠷᠢᠶᠠᠯᠠᠩ᠂ ᠺᠣᠮᠫᠢᠦ᠋ᠲ᠋ᠧᠷ᠂ ᠰᠤᠷᠭᠠᠨ ᠬᠥᠮᠦᠵᠢᠯ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠪᠠᠶᠢᠵᠦ᠂ 10019 ᠠᠵᠢᠯ ᠤᠨ ᠪᠠᠶᠢᠷᠢ ᠬᠠᠩᠭᠠᠭᠰᠠᠨ ᠪᠠᠶᠢᠨ᠎ᠠ᠃      ᠣᠶᠢᠯᠠᠭᠠᠭᠰᠠᠨ ᠢᠶᠠᠷ᠂ ᠨᠠᠮᠤᠷ ᠤᠨ ᠤᠯᠠᠷᠢᠯ ᠤᠨ ᠠᠵᠢᠯᠲᠠᠨ ᠡᠯᠰᠡᠬᠦ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠡᠯ᠎ᠡ ᠶᠡᠭᠡ ᠳᠡᠭᠡᠳᠦ ᠰᠤᠷᠭᠠᠭᠤᠯᠢ ᠲᠠᠢ ᠬᠠᠮᠲᠤᠷᠠᠨ᠂ 2024 ᠤᠨ ᠳᠤ ᠳᠡᠭᠡᠳᠦ ᠰᠤᠷᠭᠠᠭᠤᠯᠢ ᠲᠡᠭᠦᠰᠦᠭᠰᠡᠳ ᠪᠠ 2023 ᠤᠨ ᠳᠤ ᠳᠡᠬᠦᠰᠦᠬᠡᠳ ᠠᠵᠢᠯ ᠣᠯᠣᠭᠠᠳᠤᠢ ᠪᠠᠶᠢᠬᠰᠠᠨ ᠤᠶᠤᠳᠠᠳ ᠲᠤ 27 ᠲᠠᠯᠠᠪᠤᠷ ᠠᠵᠢᠯᠲᠠᠨ ᠡᠯᠰᠡᠬᠦ ᠠᠵᠢᠯᠯᠠᠭ᠎ᠠ ᠥᠷᠨᠢᠭᠦᠯᠵᠦ᠂ ᠨᠡᠶᠢᠲᠡ 7 ᠲᠦᠮᠨ 3600 ᠠᠵᠢᠯ ᠤᠨ ᠪᠠᠶᠢᠷᠢ ᠬᠠᠩᠭᠠᠬᠰᠠᠨ ᠶᠤᠮ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号